ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠤᠨᠮᠦ᠋ᠷᠡᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ︽ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2022/6/21
      ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 27 ᠤ ᠦᠳᠡ ᠶᠢᠨ ᠬᠤᠶᠢᠨ᠎ᠠ᠂ ᠨᠤᠨᠮᠦ᠋ᠷᠡᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠶᠢ ᠡᠮᠬᠢ ᠵᠢᠷᠤᠮ ᠲᠠᠢ ᠪᠠᠷ ᠠᠬᠢᠭᠤᠯᠪᠠ᠂ ᠨᠠᠮ ᠤᠨ ᠡᠭᠦᠷ ᠤᠨ ᠱᠦᠵᠢ ᠵᠠᠩᠭᠢᠯᠠᠭ᠎ᠠ ᠶᠢᠨ ᠴᠥᠭᠡᠨ ᠲᠣᠭᠠᠲᠠᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢ ᠳᠠᠭᠠᠭᠤᠯᠤᠨ ︽ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ  ᠪᠣᠯᠬᠢᠴᠢᠯᠠᠬᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠂ ᠪᠢᠴᠢᠭ ᠤᠨ ᠬᠡᠯᠪᠡᠷᠢ ᠪᠠᠷ ᠠᠮᠠᠯᠠᠯᠲᠠ ᠪᠠᠨ ᠦᠢᠯᠡᠳᠦᠯᠭᠡᠵᠢᠭᠦᠯᠵᠦ ︽ᠴᠢᠩᠭ᠎ᠠ ᠴᠠᠭᠠᠵᠠᠯᠠᠬᠤ ᠠᠷᠪᠠᠨ ᠨᠢᠭᠡᠨ ᠵᠤᠷᠪᠤᠰ︾ ᠲᠣᠭᠲᠠᠭᠠᠯ ᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠶ᠃
DSC_0318.JPG
      ︽ᠴᠢᠩᠭ᠎ᠠ ᠴᠠᠭᠠᠵᠠᠯᠠᠬᠤ ᠠᠷᠪᠠᠨ ᠨᠢᠭᠡᠨ ᠵᠤᠷᠪᠤᠰ︾ ᠠᠮᠠᠯᠠᠯᠲᠠ ᠶᠢᠨ ᠪᠢᠴᠢᠭ ᠢ ᠲᠣᠭᠲᠠᠭᠠᠬᠤ ᠳᠤ᠂ ᠪᠦᠬᠦ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠬᠢᠳᠤᠭᠠᠨ ᠤ ᠢᠷ ᠢ ᠳᠣᠲᠣᠭᠰᠢ ᠬᠠᠨᠳᠤᠭᠤᠯᠬᠤ ᠶᠢ ᠪᠠᠷᠢᠮᠲᠠᠯᠠᠬᠤ᠂ ᠵᠣᠷᠢᠭᠲᠠᠢ ᠪᠠᠷ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ᠂ ᠨᠡᠶᠢᠭᠡᠮ ᠤᠨ ᠬᠠᠷᠢᠯᠴᠠᠭ᠎ᠠ᠂ ᠨᠠᠶᠢᠵᠠ᠂ ᠠᠮᠢᠳᠤᠷᠠᠯ ᠤᠨ ᠬᠦᠷᠢᠶ᠎ᠡ ᠠᠴᠠ ᠡᠬᠢᠯᠡᠨ ᠴᠢᠩᠳᠠᠯᠠᠵᠤ᠂ ︽ᠴᠢᠩᠭ᠎ᠠ ᠴᠠᠭᠠᠵᠠᠯᠠᠬᠤ ᠠᠷᠪᠠᠨ ᠨᠢᠭᠡᠨ ᠵᠤᠷᠪᠤᠰ︾ ᠲᠣᠭᠲᠠᠭᠠᠯ ᠲᠠᠢ ᠬᠠᠷᠢᠴᠠᠭᠤᠯᠤᠨ ᠵᠤᠷᠪᠤᠰ ᠳᠠᠷᠠᠭᠠᠯᠠᠨ ᠥᠪᠡᠷ ᠢ ᠪᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠬᠤᠬᠢᠷᠠᠭᠤᠯᠬᠤ ᠠᠰᠠᠭᠤᠳᠠᠯ ᠣᠷᠣᠰᠢᠬᠤ ᠶᠢ ᠡᠷᠡᠰ ᠰᠡᠷᠭᠡᠶᠢᠯᠡᠵᠦ᠂ ᠲᠥᠪᠯᠡᠷᠡᠭᠦᠯᠦᠨ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ