ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ︽ᠲᠣᠮᠤ ᠶᠡᠭᠡ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/21
      ᠬᠠᠷᠢᠶ᠎ᠠ ᠣᠷᠣᠨ ᠤ ᠠᠶᠤᠯ ᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯ ᠦᠭᠡᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ᠂ ᠠᠶᠤᠯ ᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ︽ᠲᠣᠮᠤ ᠶᠡᠭᠡ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ︾ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠬᠢᠩᠭᠠᠨ ᠠᠶᠢᠮᠠᠭ ᠤᠨ ᠶᠢᠨ ᠴᠢᠦ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠶᠤᠯ ᠥᠬᠡᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃
56 (2).JPG
      ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠤᠨ ᠪᠠᠶᠢᠷᠢᠯᠠᠭᠤᠯᠤᠯᠲᠠ ᠶᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠪᠡᠶ᠎ᠡ ᠪᠠᠷ ᠢᠶᠠᠨ ᠬᠥᠮᠥᠷᠭᠡ ᠳᠤ ᠣᠷᠣᠵᠤ ᠠᠶᠤᠯ ᠲᠠᠢ ᠬᠢᠮᠢ ᠶᠢᠨ ᠪᠣᠳᠠᠰ ᠤᠨ ᠬᠠᠳᠠᠭᠠᠯᠠᠯᠲᠠ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠭᠰᠠᠨ ᠪᠥᠭᠡᠳ ᠬᠠᠷᠢᠭᠤᠴᠠᠯᠭᠠᠲᠠᠨ ᠪᠠ ᠬᠠᠮᠢᠶᠠᠷᠤᠯᠲᠠ ᠶᠢᠨ ᠠᠵᠢᠯᠲᠠᠨ ᠤ ᠠᠶᠤᠯ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ᠂ ᠲᠡᠭᠡᠭᠡᠪᠦᠷᠢ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠠᠶᠤᠯ ᠲᠠᠢ ᠬᠢᠮᠢ ᠶᠢᠨ ᠪᠣᠳᠠᠰ ᠤᠨ ᠬᠠᠮᠢᠶ᠎ᠠ ᠪᠥᠬᠦᠶ ᠬᠠᠮᠠᠭᠠᠯᠠᠯᠲᠠ ᠶᠢᠨ ᠲᠥᠬᠦᠭᠡᠷᠦᠮᠵᠢ᠂ ᠠᠮᠤᠷ ᠲᠦᠪᠰᠢᠨ ᠤ ᠪᠣᠯᠪᠠᠰᠤᠷᠠᠭᠤᠯᠤᠯ ᠵᠢᠴᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠡᠷᠭᠡ ᠠᠭᠤᠯᠭ᠎ᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠵᠢᠴᠢ ᠡᠳᠦᠷ ᠲᠤᠲᠤᠮ ᠤᠨ ᠮᠠᠰᠢᠨ ᠬᠡᠷᠡᠭᠯᠡᠬᠦ ᠲᠣᠰᠣ ᠬᠠᠳᠠᠭᠠᠯᠠᠬᠤ ᠰᠠᠪᠠ ᠶᠢᠨ ᠬᠠᠳᠠᠭᠠᠯᠠᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃       ᠪᠠᠶᠢᠴᠠᠭᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠬᠤ ᠶᠢᠨ ᠬᠠᠮᠲᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯ ᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠬᠦᠨᠳᠦ ᠨᠣᠴᠢᠲᠠᠶ ᠪᠠᠶᠢᠳᠠᠯ ᠢ ᠪᠥᠬᠦ ᠲᠠᠯ᠎ᠠ ᠪᠠᠷ ᠲᠠᠨᠢᠵᠤ᠂ ᠰᠠᠨᠠᠭᠠᠰᠢᠷᠠᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠨ ᠬᠢᠨ ᠬᠠᠮᠢᠶ᠎ᠠ ᠪᠥᠬᠦᠶ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠠᠯᠮᠠᠶᠢᠷᠠᠨ ᠲᠠᠶᠢᠪᠤᠰᠢᠷᠠᠬᠤ ᠶᠢ ᠡᠷᠡᠰ ᠬᠤᠷᠢᠭᠯᠠᠬᠤ ᠬᠡᠷᠡᠭᠲᠡᠶ︔ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯ ᠦᠭᠡᠶ ᠶᠢᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠶᠤᠯ ᠦᠭᠡᠶ ᠠᠵᠢᠯᠯᠠᠭᠠᠨ ᠢ ᠵᠢᠷᠤᠮᠵᠢᠭᠤᠯᠬᠤ ᠬᠡᠷᠡᠭᠲᠡᠶ︔ ᠠᠶᠤᠯ ᠲᠠᠢ ᠬᠢᠮᠢ ᠶᠢᠨ ᠵᠦᠢᠯ ᠤᠨ ᠬᠠᠮᠢᠶᠠᠷᠤᠯᠲᠠ ᠶᠢᠨ ᠠᠵᠢᠯᠲᠠᠨ ᠵᠢᠴᠢ ᠬᠠᠷᠢᠭᠤᠴᠠᠯᠭᠠᠲᠠᠨ ᠤ ᠠᠶᠤᠯ ᠦᠭᠡᠶ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠰᠢᠢᠳᠪᠦᠷᠢᠯᠡᠬᠦ ᠳᠠᠬᠢ ᠬᠠᠮᠢᠶ᠎ᠠ ᠪᠦᠬᠦᠢ ᠬᠥᠮᠦᠰ ᠤᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ