ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠮᠤᠭᠤᠯᠠᠩ ᠭᠤᠷᠪᠠᠳᠤᠭᠠᠷ︾ ᠨᠡᠶᠢᠭᠡᠮ ᠤᠨ ᠠᠮᠤᠷ ᠲᠦᠪᠰᠢᠨ ᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/21
      ︽5 · 1︾ ᠤ ᠬᠤᠭᠤᠴᠠᠭᠠᠨ ᠳᠤ ᠮᠠᠨ ᠤ ᠬᠤᠰᠢᠭᠤᠨ ᠤ ᠨᠡᠶᠢᠭᠡᠮ ᠤᠨ ᠪᠦᠬᠦ ᠲᠠᠯ᠎ᠠ ᠶᠢᠨ ᠠᠮᠤᠷ ᠲᠣᠭᠲᠠᠭᠤᠨ ᠢ ᠪᠠᠳᠤᠯᠠᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ᠂ ᠨᠠᠩ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠠᠮᠤᠷ ᠢ ᠬᠠᠮᠠᠭᠠᠯᠠᠬᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 27 ᠠᠴᠠ 29 ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠳᠣᠬᠠᠨ ᠤ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶ ᠪᠠᠶᠢᠳᠠᠯ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠬᠡᠪᠴᠢᠶᠡᠨ ᠳᠤ ᠨᠡᠶᠢᠭᠡᠮ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠨᠢᠭᠡᠳᠦᠯᠲᠡᠶ ᠠᠵᠢᠯᠯᠠᠭ᠎ᠠ ᠶᠢ ᠭᠤᠷᠪᠠᠨ ᠡᠳᠦᠷ ᠥᠷᠨᠢᠭᠦᠯᠦᠨ᠎ᠡ᠃ ᠪᠠᠶᠢᠴᠠᠭᠠᠯᠲᠠ ᠶᠢᠨ ᠠᠵᠢᠯᠯᠠᠭ᠎ᠠ ᠶᠢᠨ ᠪᠥᠬᠦ ᠶᠠᠪᠤᠴᠠ ᠳᠤ ᠭᠤᠤᠯᠳᠠᠯᠭ᠎ᠠ ᠲᠠᠢ ᠡᠳ᠋ ᠪᠣᠳᠠᠰ᠂ ᠵᠠᠮ᠂ ᠣᠷᠣᠨ ᠪᠦᠰᠡ ᠵᠢᠴᠢ ᠭᠤᠤᠯᠳᠠᠯᠭ᠎ᠠ ᠲᠠᠢ ᠠᠵᠢᠯ ᠲᠥᠷᠥᠯ ᠤᠨ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠴᠠᠭᠳᠠᠭᠠᠨ ᠤ ᠲᠥᠷᠥᠯ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠷᠢᠳᠴᠢᠯᠠᠨ ᠲᠥᠯᠥᠪᠯᠡᠵᠦ᠂ ᠠᠵᠢᠯ ᠢᠶᠠᠨ ᠵᠦᠶ ᠵᠣᠬᠢᠰᠲᠠᠶ ᠬᠤᠪᠢᠶᠠᠷᠢᠯᠠᠨ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠣᠷᠣᠨ ᠪᠠᠶᠢᠷᠢ ᠶᠢ ︽ᠲᠣᠣᠷᠴᠢᠯᠠᠯᠲᠠ ᠶᠢᠨ ᠮᠠᠶ᠋ᠢᠭ︾ ᠢᠶᠠᠷ ᠢᠯᠭᠠᠷᠠᠭᠤᠯᠤᠨ ᠪᠠᠶᠢᠴᠠᠭᠠᠬᠤ᠂ ᠭᠤᠤᠯᠳᠠᠯᠭ᠎ᠠ ᠲᠠᠢ ᠵᠠᠮ ᠤᠨ ᠬᠡᠰᠡᠭ ᠲᠤ ᠬᠤᠷᠢᠭ᠎ᠠ ᠲᠠᠯᠪᠢᠵᠤ ᠵᠢᠭᠰᠠᠭᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠴᠡᠪᠡᠷᠯᠡᠬᠦ᠂ ᠪᠠᠶᠢᠴᠠᠭᠠᠬᠤ᠂ ᠴᠡᠭᠴᠡᠯᠡᠨ ᠵᠠᠰᠠᠬᠤ᠂ ᠴᠣᠬᠢᠯᠲᠠ ᠥᠭᠬᠦ︾ ᠳᠥᠷᠪᠡᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠨᠠᠶᠢᠳᠠᠪᠤᠷᠢᠵᠢᠭᠤᠯᠵᠤ᠂ ᠠᠯᠢ ᠣᠯᠠᠨ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠠᠷᠢᠯᠭᠠᠵᠤ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠪᠥᠬᠦ ᠬᠤᠰᠢᠭᠤᠨ ᠤ ᠬᠡᠪᠴᠢᠶᠡᠨ ᠳᠤ ᠴᠢᠩᠭ᠎ᠠ ᠪᠠᠶᠢᠴᠠᠭᠠᠨ ᠴᠢᠩᠭ᠎ᠠ ᠬᠠᠮᠢᠶᠠᠷᠴᠤ ᠴᠢᠩᠭ᠎ᠠ ᠡᠵᠡᠮᠳᠡᠭᠰᠡᠨ ᠥᠨᠳᠥᠷ ᠳᠠᠷᠤᠯᠲᠠᠲᠤ ᠪᠠᠶᠢᠳᠠᠯ ᠢ ᠦᠳᠲᠡᠷ ᠲᠦᠷᠭᠡᠨ ᠪᠣᠶ ᠪᠣᠯᠭᠠᠵᠤ᠂ ᠴᠢᠩᠭ᠎ᠠ ᠬᠦᠴᠦᠲᠡᠶ ᠰᠦᠷᠳᠡᠭᠦᠯᠬᠦ ᠦᠷ᠎ᠡ ᠪᠦᠲᠦᠮᠵᠢ ᠶᠢ ᠪᠣᠶ ᠪᠣᠯᠭᠠᠨ᠎ᠠ᠃
微信图片_20220526182215.jpg
      ᠲᠣᠰ ᠤᠳᠠᠭᠠᠨ ᠤ ᠠᠵᠢᠯᠯᠠᠭ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠶᠢᠲᠡ 508 ᠴᠠᠭᠳᠠᠭᠠᠨ ᠤ ᠬᠦᠴᠦᠨ᠂ 152 ᠴᠠᠭᠳᠠᠭᠠᠨ ᠤ ᠲᠡᠷᠭᠡ ᠶᠢ ᠬᠥᠳᠡᠯᠭᠡᠵᠦ᠂ ᠪᠠᠭᠤᠳᠠᠯ᠂ ᠳᠠᠭᠤᠤ ᠪᠥᠵᠢᠭ ᠵᠤᠭ᠎ᠠ ᠴᠡᠩᠭᠡᠯ ᠵᠡᠷᠭᠡ ᠠᠮᠤᠷ ᠲᠦᠪᠰᠢᠨ ᠤ ᠨᠠᠷᠢᠨ ᠪᠤᠳᠤᠯᠢᠶᠠᠨᠲᠠᠶ ᠲᠠᠯᠠᠪᠤᠷ ᠭᠠᠵᠠᠷ ᠪᠠ ᠨᠣᠴᠣᠮᠠᠲᠠᠭᠠᠶ ᠳᠡᠯᠪᠡᠷᠡᠮᠡᠲᠡᠭᠡᠢ ᠠᠶᠤᠯ ᠲᠠᠢ ᠪᠣᠳᠠᠰ ᠤᠨ ᠠᠵᠤ ᠠᠬᠤᠶᠢᠯᠠᠯ᠂ ᠡᠳ᠋ ᠪᠠᠷᠠᠭᠠᠨ ᠤ ᠭᠦᠢᠯᠭᠡᠭᠡ ᠶᠢᠨ ᠬᠦᠷᠭᠡᠯᠲᠡ᠂ 226 ᠲᠦᠷᠢᠶᠡᠰᠦᠨ ᠬᠡᠷ ᠪᠠᠶᠢᠰᠢᠩ ᠢ ᠪᠠᠶᠢᠴᠠᠭᠠᠪᠠ︔ 3 ᠡᠷᠡᠭᠦᠦ ᠶᠢᠨ ᠬᠡᠷᠡᠭ ᠢ ᠢᠯᠡᠷᠡᠭᠦᠯᠵᠦ᠂ 3 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 12 ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 17 ᠬᠠᠤᠯᠢ ᠠᠴᠠ ᠵᠥᠷᠢᠴᠡᠭᠰᠡᠳ ᠢ ᠪᠠᠶᠢᠴᠠᠭᠠᠨ ᠰᠢᠢᠳᠪᠦᠷᠢᠯᠡᠪᠡ︔ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ 137 ᠪᠠᠶᠢᠴᠠᠭᠠᠨ ᠰᠢᠢᠳᠪᠦᠷᠢᠯᠡᠪᠡ︔ 409 ᠡᠷᠦᠬᠡ ᠶᠢᠨ ᠭᠠᠯ ᠰᠡᠷᠭᠡᠶᠢᠯᠡᠯᠲᠡ ᠶᠢᠨ ᠠᠶᠤᠯ ᠦᠭᠡᠢ ᠶᠢᠨ ᠪᠠᠶᠢᠴᠠᠭᠠᠯᠲᠠ ᠬᠢᠵᠦ᠂ 5 ᠳᠠᠯᠳᠠ ᠬᠡᠮ ᠢ ᠴᠡᠭᠴᠡᠯᠡᠨ ᠰᠠᠶᠢᠵᠢᠷᠠᠭᠤᠯᠪᠠ︔ ᠨᠠᠮ ᠵᠠᠰᠠᠭ ᠤᠨ ᠪᠠᠶᠢᠭᠤᠯᠭ᠎ᠠ᠂ ᠤᠰᠤ᠂ ᠴᠠᠬᠢᠯᠭᠠᠨ᠂ ᠲᠣᠰᠣ᠂ ᠬᠡᠢ᠂ ᠢᠯᠴᠢ ᠵᠡᠷᠭᠡ ᠭᠤᠣᠯᠳᠠᠯᠭ᠎ᠠ ᠲᠠᠢ ᠨᠢᠭᠡᠴᠢ 85 ᠶᠢ ᠪᠠᠶᠢᠴᠠᠭᠠᠪᠠ᠃
微信图片_20220526182207.jpg
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ