ᠴᠠᠭᠳᠠᠭ᠎ᠠ ᠰᠤᠷᠭᠠᠭᠤᠯᠢ ᠬᠤᠯᠪᠣᠭᠠᠯᠠᠨ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢ ᠥᠷᠨᠢᠭᠦᠯᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠣᠭᠴᠠᠯᠠᠪᠠ
ᠨᠡᠶᠢᠲᠡᠯᠡᠭᠰᠡᠨ ᠴᠠᠭ᠄
2022/6/21
      ᠰᠤᠷᠭᠠᠭᠤᠯᠢ ᠶᠢᠨ ᠬᠦᠷᠢᠶᠡᠨ ᠤ ᠬᠦᠨᠳᠦ ᠶᠡᠭᠡ ᠭᠡᠨᠡᠳᠲᠡ ᠶᠢᠨ ᠬᠡᠷᠡᠭ ᠢ ᠪᠦᠲᠦᠮᠵᠢᠲᠡᠶ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠡᠮᠦᠷᠲᠡᠢ᠂ ᠪᠠ ᠬᠤᠤ ᠳ᠋ᠢ ᠲᠣᠮᠢᠯᠠᠭᠰᠠᠨ ᠰᠠᠯᠪᠤᠷᠢ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠲᠠᠢ ᠬᠠᠮᠲᠤᠷᠠᠨ ᠲᠦᠮᠡᠳ ᠲᠠᠢ ᠪᠠᠯᠭᠠᠰᠤᠨ ᠤ ᠬᠡᠦᠬᠡᠳ ᠤᠨ ᠴᠡᠴᠡᠷᠯᠢᠭ ᠲᠤ ᠬᠦᠷᠴᠦ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠥᠷᠨᠢᠭᠦᠯᠪᠡ᠃
微信图片_20220614094415.jpg
      ᠰᠣᠷᠢᠯᠲᠠ ᠠᠴᠠ ᠡᠮᠦᠨ᠎ᠡ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠶᠢᠨ ᠭᠤᠭᠴᠤᠭ᠎ᠠ ᠳᠤ ᠨᠠᠷᠢᠨ ᠨᠢᠭᠲᠠ ᠪᠠᠶᠢᠷᠢᠯᠠᠭᠤᠯᠤᠯᠲᠠ ᠬᠢᠵᠦ᠂ ᠰᠣᠷᠢᠯᠲᠠ ᠳᠤ ᠣᠷᠣᠯᠴᠠᠭᠰᠠᠨ ᠪᠥᠬᠦ ᠬᠥᠮᠦᠰ ᠤᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠪᠠ᠃       ᠳᠠᠭᠤᠷᠢᠶᠠᠮᠠᠯ ᠬᠡᠷᠡᠭ ᠤᠨ ᠳᠤᠮᠳᠠ᠂ ᠨᠢᠭᠡ ᠡᠷᠡᠭᠲᠡᠶ ᠭᠠᠷ ᠲᠤ ᠪᠠᠨ ᠶᠠᠷᠭᠠᠯᠠᠬᠤ ᠪᠠᠭᠠᠵᠢ ᠪᠠᠷᠢᠵᠤ ᠰᠤᠷᠭᠠᠭᠤᠯᠢ ᠶᠢᠨ ᠬᠦᠷᠢᠶᠡᠨ ᠳᠤ ᠠᠯᠪᠠ ᠪᠠᠷ ᠳᠠᠭᠠᠷᠢᠨ ᠣᠷᠣᠵᠤ᠂ ᠪᠠᠶᠢᠳᠠᠯ ᠲᠦᠢᠯ ᠤᠨ ᠪᠠᠴᠢᠮ ᠪᠠᠶᠢᠪᠠ᠃ ᠪᠠᠭᠰᠢ ᠨᠢ ᠲᠡᠷᠡ ᠳᠠᠷᠤᠢ ᠳᠤ ᠨᠢ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠵᠣᠬᠢᠶᠠᠨ ᠪᠠᠶᠢᠭᠤᠯᠵᠤ᠂ ᠲᠣᠭᠲᠠᠭᠰᠠᠨ ᠠᠮᠢ ᠵᠢᠭᠤᠬᠤ ᠵᠠᠮ ᠱᠤᠭᠤᠮ ᠢᠶᠠᠷ ᠡᠮᠬᠢ ᠲᠠᠷᠠᠭ᠎ᠠ ᠲᠠᠢ ᠤᠬᠤᠷᠢᠭᠤᠯᠤᠨ᠂ ᠴᠡᠴᠡᠷᠯᠢᠭ ᠤᠨ ᠳᠠᠷᠤᠭ᠎ᠠ ᠴᠠᠭ ᠲᠤᠬᠠᠢ ᠳᠤ ᠨᠢ 110 ᠳᠤ ᠤᠲᠠᠰᠤᠳᠠᠵᠤ᠂ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠢ ᠠᠪᠴᠤ ︽ᠮᠠᠭᠤ ᠡᠲᠡᠭᠡᠳ︾ ᠲᠠᠢ ᠦᠵᠡᠯᠴᠡᠪᠡ᠃ ᠬᠡᠷᠡᠭ ᠤᠨ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠳᠠᠷᠤᠶᠢᠬᠠᠨ ᠲᠤᠬᠠᠶ ᠶᠢᠨ ᠲᠠᠯᠠᠪᠤᠷ ᠲᠤ ᠬᠦᠷᠴᠦ᠂ ᠣᠨᠴᠠ ᠲᠥᠷᠥᠯ ᠤᠨ ᠴᠠᠭᠳᠠᠭ᠎ᠠ ᠶᠢᠨ ᠪᠠᠶᠢᠯᠳᠤᠬᠤ ᠠᠷᠭ᠎ᠠ ᠶᠢᠨ ᠬᠠᠮᠵᠢᠯᠴᠠᠭ᠎ᠠ ᠳᠤᠤᠷ᠎ᠠ᠂ ︽ᠶᠠᠯ᠎ᠠ ᠬᠢᠭᠰᠡᠨ ᠰᠡᠵᠢᠭᠳᠡᠨ︾ ᠢ ᠦᠳᠲᠡᠷ ᠲᠦᠷᠭᠡᠨ ᠡᠷᠬᠡᠰᠢᠶᠡᠯ ᠳᠤ ᠪᠠᠨ ᠣᠷᠣᠭᠤᠯᠪᠠ᠃
微信图片_20220614094402.jpg
      ᠰᠣᠷᠢᠯᠲᠠ ᠳᠠᠭᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠪᠠᠭᠰᠢ ᠰᠤᠷᠤᠭᠴᠢᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠠᠶᠢᠯᠪᠤᠷᠢᠯᠠᠵᠤ᠂ ᠪᠠᠭᠰᠢ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠰᠦᠷᠳᠡᠭᠦᠯᠦᠯ ᠤᠨ ᠲᠠᠭᠠᠷᠢᠯᠲᠠ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ᠂ ᠰᠢᠢᠳᠪᠦᠷᠢᠯᠡᠬᠦ᠂ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠮᠡᠳᠡᠯᠭᠡ ᠶᠢ ᠲᠦᠭᠡᠮᠡᠯᠵᠢᠭᠦᠯᠪᠡ᠃
微信图片_20220614094358.jpg
      ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢᠨ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ