ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠲᠠᠯᠠᠪᠤᠷ ᠤᠨ ᠺᠣᠳ᠋︾ ᠢ ᠬᠡᠷᠡᠭᠯᠡᠬᠦ ᠶᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/15
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ  ᠪᠠᠶᠢᠭᠤᠯᠵᠤ  ᠲᠤᠬᠠᠶ  ᠶᠢᠨ  ᠭᠠᠵᠠᠷ  ᠲᠤ  ᠨᠢ ᠪᠠᠶᠢᠴᠠᠭᠠᠬᠤ᠂ ᠸᠢᠴᠠᠲ ᠤᠨ   ᠬᠤᠯᠪᠤᠭᠠᠨ ᠤ ᠤᠬᠠᠭᠤᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ︽ᠲᠠᠯᠠᠪᠤᠷ ᠤᠨ ᠺᠣᠳ᠋︾ ᠭᠤᠶᠤᠴᠢᠯᠠᠨ ᠠᠪᠤᠭᠰᠠᠨ ᠪᠠ ᠬᠡᠷᠡᠭᠯᠡᠭᠰᠡᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠪᠠ᠃
阿拉善1.jpg
      ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ︽ᠲᠠᠯᠠᠪᠤᠷ ᠤᠨ ᠺᠣᠳ᠋︾ ᠤᠨ ᠲᠣᠬᠢᠷᠠᠭᠤᠯᠤᠯᠲᠠ ᠵᠢᠴᠢ ᠬᠡᠷᠡᠭᠯᠡᠯᠲᠡ᠂ ᠠᠵᠢᠯᠲᠠᠨ ᠤ ᠮᠡᠳᠡᠭᠡ ᠵᠠᠩᠭᠢ ᠶᠢ ᠳᠠᠩᠰᠠᠯᠠᠬᠤ ᠵᠡᠷᠭᠡ ᠲᠠᠯ᠎ᠠ ᠪᠠᠷ ᠵᠢᠷᠤᠮᠵᠢᠯ ᠪᠠ ᠵᠢᠯᠣᠭᠤᠳᠣᠯᠭ᠎ᠠ ᠬᠢᠵᠦ᠂ ᠡᠵᠡᠩᠨᠡᠯᠲᠡ ᠬᠠᠮᠢᠶᠠᠷᠤᠯᠲᠠ  ᠶᠢᠨ  ᠭᠤᠤᠯ  ᠴᠣᠭᠴᠠ  ᠳᠤ  ᠬᠢᠵᠢᠭ  ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠬᠠᠷᠢᠭᠤᠴᠠᠯᠭ᠎ᠠ  ᠶᠢ  ᠦᠨᠡᠨ  ᠬᠦ  ᠨᠠᠶᠢᠳᠠᠪᠤᠷᠢᠵᠢᠭᠤᠯᠵᠤ ᠂  ︽ ᠺᠣᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠬᠥᠮᠥᠨ ᠤ ᠲᠤᠭ᠎ᠠ ᠶᠢ ᠬᠢᠵᠠᠭᠠᠷᠯᠠᠬᠤ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ ᠰᠠᠨᠠᠭᠤᠯᠪᠠ᠃
ᠢᠷᠡᠯᠲᠡ᠄ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ