6 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ | ᠬᠡᠪᠴᠢᠶᠡᠨ ᠳᠤ ᠵᠣᠨ ᠤ ᠤᠯᠠᠷᠢᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠳᠠᠯᠳᠠ ᠬᠡᠮ ᠢ ᠪᠦᠬᠦ ᠲᠠᠯ᠎ᠠ ᠪᠠᠷ ᠪᠠᠶᠢᠴᠠᠭᠠᠨ ᠵᠢᠭᠰᠠᠭᠠᠵᠤ᠂ ᠨᠠᠷᠢᠨ ᠣᠨᠣᠪᠴᠢᠲᠠᠶ ᠪᠠᠷ ᠴᠣᠬᠢᠯᠲᠠ ᠥᠭᠴᠦ ᠴᠡᠭᠴᠡᠯᠡᠨ ᠵᠠᠰᠠᠵᠤ᠂ ᠲᠣᠭᠤᠷᠢᠨ | ᠴᠠᠭᠳᠠᠵᠤ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ | ᠬᠠᠮᠠᠭᠠᠯᠠᠪᠠ᠃ | | | | | ᠲᠤᠰᠬᠠᠶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠮ ᠤᠨ ᠬᠤᠷᠢᠶᠠᠨ ᠤ ᠬᠤᠷᠠᠯ ᠢ ᠬᠤᠷᠠᠯᠳᠤᠭᠤᠯᠵᠤ ᠲᠤᠰᠬᠠᠶ | ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠤᠨ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ | ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢᠨ ᠬᠠᠮᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ | ᠰᠠᠶᠢᠲᠤᠷ ᠬᠢᠵᠦ᠂ ᠵᠣᠨ ᠤ ᠤᠯᠠᠷᠢᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠦᠳᠲᠡᠷ ᠲᠦᠷᠭᠡᠨ | ᠶᠠᠪᠤᠭᠳᠠᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠪᠠ᠃ | | | | | ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠴᠠᠭᠳᠠᠭ᠎ᠠ ᠪᠠᠨ ᠳᠠᠶᠢᠴᠢᠯᠠᠵᠤ᠂ ᠴᠠᠭᠳᠠᠭ᠎ᠠ ᠶᠢᠨ ᠵᠡᠭᠡᠯᠢ ᠶᠢ ᠴᠠᠭᠳᠠᠬᠤ᠂ | ᠴᠠᠭᠳᠠᠭ᠎ᠠ ᠶᠢᠨ ᠢᠯᠡᠷᠡᠯ ᠤᠨ ᠨᠣᠷᠮ᠎ᠠ ᠪᠠ ᠶᠠᠪᠤᠳᠠᠯ ᠢ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠵᠦ᠂ ᠲᠦᠷᠭᠡᠨ ᠲᠤᠰᠬᠠᠯ ᠭᠠᠷᠭᠠᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠴᠠᠭᠳᠠᠭ᠎ᠠ ᠲᠣᠮᠢᠯᠠᠬᠤ ᠨᠢ ᠲᠦᠷᠭᠡᠨ᠂ ᠰᠢᠢᠳᠪᠦᠷᠢᠯᠡᠯᠲᠡ ᠨᠢ ᠪᠦᠲᠦᠮᠵᠢᠲᠡᠶ ᠶᠢ ᠦᠨᠡᠨ ᠬᠦ ᠪᠠᠲᠤᠯᠠᠪᠠ᠃ ᠰᠥᠨᠢ ᠶᠢᠨ ᠬᠤᠲᠠ ᠶᠢᠨ | ᠲᠣᠭᠤᠷᠢᠭ ᠤᠨ ᠬᠡᠪᠴᠢᠶᠡᠨ ᠳᠠᠬᠢ ᠭᠤᠤᠯᠳᠠᠯᠭ᠎ᠠ ᠲᠠᠢ ᠵᠠᠮ ᠤᠨ ᠬᠡᠰᠡᠭ᠂ ᠣᠷᠣᠨ ᠪᠦᠰᠡ᠂ ᠴᠠᠭ ᠬᠤᠭᠤᠴᠠᠭ᠎ᠠ ᠳᠤ ︽ᠲᠤᠤᠷ ᠲᠠᠲᠠᠬᠤ ᠮᠠᠶ᠋ᠢᠭ︾ ᠢᠶᠠᠷ ᠲᠣᠭᠤᠷᠢᠨ | ᠴᠠᠭᠳᠠᠨ ᠰᠡᠷᠭᠡᠶᠢᠯᠡᠨ ᠡᠵᠡᠮᠳᠡᠵᠦ᠂ ᠭᠠᠵᠠᠷ ᠲᠤ ᠨᠢ ᠴᠠᠭᠳᠠᠨ ᠪᠠᠶᠢᠴᠠᠭᠠᠬᠤ᠂ ᠲᠡᠷᠭᠡ ᠬᠥᠰᠬᠡ ᠪᠠᠷ ᠴᠠᠭᠳᠠᠨ ᠪᠠᠶᠢᠴᠠᠭᠠᠬᠤ᠂ ᠶᠠᠪᠠᠭᠠᠨ ᠢᠶᠠᠷ ᠴᠠᠭᠳᠠᠨ | ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠥᠨᠳᠥᠷ ᠨᠢᠭᠲᠠᠴᠠ ᠲᠠᠢ ᠴᠠᠭᠳᠠᠨ ᠪᠠᠶᠢᠴᠠᠭᠠᠬᠤ ᠪᠠ ᠠᠮᠤᠷ ᠢ ᠬᠠᠮᠠᠭᠠᠯᠠᠬᠤ | ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠤᠤᠷ ᠢ ᠦᠨᠡᠨ ᠬᠦ ᠨᠢᠭᠲᠠ ᠰᠦᠯᠵᠢᠪᠡ᠃ | | | | | ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠲᠥᠷᠥᠯ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠲᠠᠯᠠᠪᠤᠷ ᠭᠠᠵᠠᠷ ᠢ ᠪᠦᠬᠦ ᠲᠠᠯ᠎ᠠ ᠪᠠᠷ ᠢᠯᠭᠠᠷᠠᠭᠤᠯᠤᠨ | ᠪᠠᠶᠢᠴᠠᠭᠠᠵᠤ᠂ ᠣᠯᠵᠤ ᠮᠡᠳᠡᠭᠰᠡᠨ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠴᠢᠩᠭ᠎ᠠ ᠰᠢᠢᠳᠪᠦᠷᠢᠯᠡᠵᠦ᠂ ᠨᠡᠶᠢᠭᠡᠮ ᠤᠨ ᠠᠮᠤᠷ ᠢ ᠬᠠᠮᠠᠭᠠᠯᠠᠬᠤ | ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠦᠨ᠎ᠡ᠃ ᠰᠥᠨᠢ ᠶᠢᠨ ᠪᠠᠶᠢᠴᠠᠭᠠᠯᠲᠠ ᠶᠢ ᠴᠢᠩᠭᠠᠳᠬᠠᠵᠤ᠂ ᠠᠷᠢᠬᠢ ᠤᠤᠭᠤᠵᠤ ᠲᠡᠷᠭᠡ ᠵᠢᠯᠣᠭᠤᠳᠬᠤ᠂ | ᠰᠣᠭᠲᠣᠭᠤ ᠪᠠᠷ ᠲᠡᠷᠭᠡ ᠵᠢᠯᠣᠭᠤᠳᠬᠤ᠂ ᠵᠠᠮ ᠤᠨ ᠲᠥᠷᠢᠮ ᠢ ᠵᠥᠷᠢᠴᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠡᠮᠬᠢ ᠵᠢᠷᠤᠮ ᠲᠠᠢ ᠰᠠᠭᠠᠳ ᠦᠭᠡᠶ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠦᠨᠡᠨ ᠬᠦ | ᠪᠠᠲᠤᠯᠠᠪᠠ᠃ |