ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ ᠪᠠᠶᠢᠨ᠎ᠠ
ᠨᠡᠶᠢᠲᠡᠯᠡᠭᠰᠡᠨ ᠴᠠᠭ᠄
2022/7/20
       ᠳᠣᠲᠣᠭᠠᠳᠤ ᠶᠢ ᠬᠠᠮᠠᠭᠠᠯᠠᠬᠤ ᠶᠠᠮᠤᠨ ᠤ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠱᠠᠭᠠᠷᠳᠠᠯᠭ᠎ᠠ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠲᠣᠰ ᠡᠳᠦᠷ ᠠᠴᠠ ᠡᠬᠢᠯᠡᠨ᠂ ᠪᠥᠬᠦ ᠬᠤᠲᠠ ᠶᠢᠨ ᠬᠡᠪᠴᠢᠶᠡᠨ ᠳᠤ ᠵᠣᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠵᠣᠨ ᠤ ᠤᠯᠠᠷᠢᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠣᠪᠤᠶᠢᠮ᠎ᠠ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠠᠮᠠᠷᠬᠠᠨ ᠬᠡᠷᠡᠭ ᠭᠠᠷᠭᠠᠵᠤ ᠭᠠᠶ ᠭᠠᠮᠰᠢᠭ ᠳᠠᠲᠠᠬᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠬᠦ ᠪᠠᠷ ᠲᠣᠭᠲᠠᠪᠠ᠃
1.jpg  
           ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠳᠤᠯᠠᠬᠤ᠂ ᠲᠡᠷᠭᠡ ᠬᠥᠰᠬᠡ ᠵᠣᠭᠰᠣᠬᠤ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠪᠡᠶᠡᠯᠡᠭᠦᠯᠬᠦ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 4 ᠤ ᠡᠳᠦᠷ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠤᠲᠠ ᠶᠢᠨ ᠲᠣᠭᠤᠷᠢᠭ ᠤᠨ ᠬᠤᠶᠠᠳᠤᠭᠠᠷ ᠶᠡᠭᠡ ᠠᠩᠭᠢ ᠶᠢᠨ ᠲᠡᠮᠦᠷ ᠵᠠᠮ ᠤᠨ ᠬᠤᠶᠢᠲᠤ ᠲᠠᠯ᠎ᠠ ᠶᠢᠨ ᠳᠤᠮᠳᠠ ᠠᠩᠭᠢ ᠶᠢᠨ ᠬᠢᠨ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠠᠤᠯᠢ ᠶᠢ ᠵᠥᠷᠢᠴᠡᠨ ᠲᠡᠷᠭᠡ ᠵᠣᠭᠰᠣᠭᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠲᠦᠮᠡᠨ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃
 5.jpg 
           ᠬᠤᠳᠠ ᠶᠢᠨ ᠲᠣᠭᠤᠷᠢᠭ ᠤᠨ ᠨᠢᠭᠡᠳᠦᠭᠡᠷ ᠶᠡᠭᠡ ᠠᠩᠬᠢ ᠶᠢᠨ ᠰᠢᠨ᠎ᠡ ᠬᠤᠳᠠ ᠶᠢᠨ ᠳᠤᠮᠳᠠ ᠠᠩᠬᠢ ᠶᠢᠨ ᠬᠢᠨ ᠵᠠᠮ ᠳᠡᠭᠡᠷᠡᠬᠢ ᠬᠤᠳᠠᠯᠳᠤᠭᠠᠨ ᠤ ᠫᠦᠰᠡ ᠶᠢᠨ ᠡᠭᠦᠳᠡᠨ ᠡᠮᠦᠨᠡᠬᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠣᠯᠤᠨ ᠶᠠᠪᠠᠭᠠᠨ ᠬᠥᠮᠦᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠢᠳᠡᠪᠬᠢᠲᠡᠢ ᠬᠠᠮᠠᠭᠠᠯᠠᠪᠠ᠃      ᠮᠠᠰᠢᠨ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠨᠢ ᠬᠡᠪ ᠤᠨ ᠵᠠᠮ ᠨᠡᠪᠲᠡᠷᠡᠯᠭᠡ ᠶᠢᠨ ᠡᠮᠬᠢ ᠳᠢᠭᠯᠢᠮ ᠪᠠ ᠬᠤᠲᠠ ᠶᠢᠨ ᠳᠦᠷᠢ ᠲᠥᠷᠬᠦ ᠶᠢ ᠡᠪᠳᠡᠵᠦ ᠪᠠᠶᠢᠬᠤ ᠪᠠᠷ ᠪᠠᠷᠠᠬᠤ ᠦᠭᠡᠢ ᠪᠠᠰᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠣᠶ᠂ ᠠᠮᠤᠷ ᠲᠦᠪᠰᠢᠨ ᠡᠮᠬᠢ ᠵᠢᠷᠤᠮ ᠲᠠᠢ᠂ ᠰᠠᠭᠠᠳ ᠥᠬᠡᠶ ᠪᠥᠭᠡᠳ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 4 ᠤ ᠡᠳᠦᠷ᠂ ᠬᠤᠲᠠ ᠶᠢᠨ ᠲᠣᠭᠤᠷᠢᠭ ᠤᠨ ᠬᠤᠶᠠᠳᠤᠭᠠᠷ ᠶᠡᠭᠡ ᠠᠩᠭᠢ ᠶᠢᠨ ᠨᠠᠨᠺᠠ ᠳᠤᠮᠳᠠ ᠠᠩᠭᠢ ᠬᠠᠷᠢᠶᠠᠲᠤ ᠣᠷᠣᠨ ᠤ ᠭᠤᠤᠯᠳᠠᠯᠭ᠎ᠠ ᠲᠠᠢ ᠵᠠᠮ ᠤᠨ ᠬᠡᠰᠡᠭ ᠤᠨ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠶᠢ ᠵᠥᠷᠢᠴᠡᠨ ᠵᠣᠭᠰᠣᠭᠠᠬᠤ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠡᠮᠬᠢ ᠵᠢᠷᠤᠮ ᠢ ᠦᠨᠡᠨ ᠬᠦ ᠬᠠᠮᠠᠭᠠᠯᠠᠨ᠂ ᠬᠠᠷᠢᠶᠠᠲᠤ ᠣᠷᠣᠨ ᠤ ᠲᠡᠷᠭᠡ ᠵᠣᠭᠰᠣᠬᠤ ᠣᠷᠴᠢᠨ ᠲᠣᠭᠤᠷᠢᠨ ᠢ ᠰᠢᠯᠢᠳᠡᠭᠵᠢᠭᠦᠯᠪᠡ᠃      ᠬᠤᠳᠠ ᠶᠢᠨ ᠲᠣᠭᠤᠷᠢᠭ ᠤᠨ ᠨᠢᠭᠡᠳᠦᠭᠡᠷ ᠶᠡᠭᠡ ᠠᠩᠬᠢ ᠶᠢᠨ ᠾᠧ ᠳ᠋ᠦᠩ ᠤᠨ ᠳᠤᠮᠳᠠ ᠠᠩᠬᠢ ᠶᠢᠨ ᠬᠢᠨ ᠵᠠᠮ ᠳᠡᠭᠡᠷ᠎ᠡ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠳᠤ ᠳᠤᠷ᠎ᠠ ᠪᠠᠷ ᠢᠶᠠᠨ ᠲᠡᠷᠭᠡ ᠵᠣᠭᠰᠣᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠵᠡᠭᠳᠡᠯ ᠢ ᠴᠡᠭᠴᠡᠯᠡᠨ ᠵᠠᠰᠠᠵᠤ᠂ ᠲᠡᠷᠭᠡ ᠵᠣᠭᠰᠣᠬᠤ ᠡᠮᠬᠢ ᠳᠢᠭᠯᠢᠮ ᠢ ᠴᠢᠨᠠᠭᠰᠢᠳᠠ ᠵᠢᠷᠤᠮᠵᠢᠭᠤᠯᠵᠤ᠂ ᠰᠠᠶᠢᠨ ᠰᠠᠶᠢᠬᠠᠨ ᠵᠠᠮ ᠤᠨ ᠣᠷᠴᠢᠨ ᠲᠣᠭᠤᠷᠢᠨ ᠢ ᠪᠤᠢ ᠪᠣᠯᠭᠠᠪᠠ᠃      ᠬᠤᠲᠠ ᠶᠢᠨ ᠲᠣᠭᠤᠷᠢᠭ ᠤᠨ ᠨᠢᠭᠡᠳᠦᠭᠡᠷ ᠶᠡᠭᠡ ᠠᠩᠭᠢ ᠰᠢᠨ᠎ᠡ ᠬᠤᠲᠠ ᠶᠢᠨ ᠳᠤᠮᠳᠠ ᠠᠩᠭᠢ ᠬᠡᠮᠵᠢᠶ᠎ᠡ ᠶᠢ ᠪᠠᠭᠠᠰᠬᠠᠨ ᠶᠡᠭᠡ ᠶᠢ ᠬᠢᠵᠠᠭᠠᠷᠯᠠᠬᠤ ᠠᠵᠢᠯ ᠲᠠᠢ ᠤᠶᠠᠯᠳᠤᠭᠤᠯᠤᠨ᠂ ᠲᠣᠮᠣ ᠪᠠᠷᠠᠭᠠᠨ ᠤ ᠲᠡᠷᠭᠡ ᠶᠢᠨ ᠬᠡᠮᠵᠢᠶ᠎ᠡ ᠠᠴᠠ ᠬᠡᠲᠦᠷᠡᠭᠰᠡᠨ᠂ ᠳᠠᠭᠠᠭᠠᠴᠠ ᠠᠴᠠ ᠬᠡᠲᠦᠷᠡᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠥᠷᠭᠡᠨ ᠣᠯᠠᠨ ᠵᠢᠯᠣᠭᠤᠴᠢ ᠶᠢ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ᠂ ᠪᠣᠯᠪᠠᠰᠤᠨ ᠢᠶᠠᠷ ᠲᠡᠭᠡᠭᠡᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ