ᠣᠶᠢᠷ᠎ᠠ ᠳᠤ᠂ ᠣᠯᠠᠨ ᠲᠦᠮᠡᠨ ᠤ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠡᠯ᠎ᠡ ᠲᠥᠷᠥᠯ ᠤᠨ | ᠴᠠᠬᠢᠯᠭᠠᠨ ᠬᠤᠯᠪᠣᠭᠠᠨ ᠤ ᠮᠡᠬᠡᠯᠡᠯ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ | ᠤᠯᠠᠭᠠᠨᠮᠥ᠋ᠴᠢᠷ ᠤᠨ ᠬᠢᠨ ᠬᠠᠯᠠᠭᠤᠨ ᠰᠡᠳᠬᠢᠯᠲᠦ ᠣᠯᠠᠨ ᠲᠦᠮᠡᠨ ᠲᠠᠢ ᠬᠠᠮᠲᠤᠷᠠᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠩᠭᠢ ᠪᠠᠶᠢᠭᠤᠯᠵᠤ᠂ ᠯᠢᠶᠠᠩᠴᠧᠩ | ᠰᠢᠶᠠᠨ ᠤ ᠳ᠋ᠠᠶᠢᠬ᠎ᠠ ᠲᠠᠯᠠᠪᠠᠶ ᠳᠤ ᠮᠡᠬᠡᠯᠡᠯ ᠢ ᠡᠰᠡᠷᠭᠦᠴᠡᠬᠦ ︽ᠪᠥᠵᠢᠭ ᠤᠨ ᠠᠶ᠎ᠠ︾ ᠶᠢ ᠬᠥᠭᠵᠢᠮᠳᠡᠵᠦ᠂ ᠣᠯᠠᠨ ᠲᠦᠮᠡᠨ ᠤ ᠠᠮᠢᠳᠤᠷᠠᠯ ᠳᠤ ᠣᠶᠢᠷᠠᠳᠬᠤ | ᠬᠡᠯᠪᠡᠷᠢ ᠪᠠᠷ ︽ᠨᠠᠰᠤᠵᠢᠯ ᠤᠨ ᠮᠡᠬᠡᠯᠡᠯ ᠢ ᠡᠰᠡᠷᠭᠦᠴᠡᠬᠦ︾ ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠯᠢᠶᠠᠩᠴᠧᠩ ᠬᠤᠳᠠ ᠶᠢᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠤᠬᠠᠭᠤᠯᠬᠤ ᠠᠩᠬᠢ ᠶᠢᠨ | ᠭᠡᠰᠢᠭᠦᠨ ᠤᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠤᠬᠠᠭᠤᠯᠭ᠎ᠠ ᠶᠢᠨ ᠵᠠᠷᠯᠠᠯ ᠨᠠᠭᠠᠵᠤ᠂ ᠲᠤᠬᠠᠢ ᠶᠢᠨ ᠲᠠᠯᠠᠪᠠᠢ ᠶᠢᠨ | ᠦᠵᠡᠭᠴᠢᠳ ᠤᠨ ᠨᠠᠰᠤ ᠵᠢᠯ᠂ ᠪᠦᠲᠦᠴᠡ ᠶᠢᠨ ᠪᠦᠷᠢᠯᠳᠦᠯ ᠳᠤ ᠴᠢᠭᠯᠡᠭᠦᠯᠵᠦ᠂ ᠮᠡᠬᠡᠯᠡᠯ ᠢ ᠡᠰᠡᠷᠭᠦᠴᠡᠬᠦ ᠲᠤᠰᠬᠠᠢ ᠮᠡᠷᠭᠡᠵᠢᠯ ᠤᠨ ᠮᠡᠳᠡᠯᠭᠡ ᠶᠢ ᠤᠨᠢᠨ ᠳᠡᠭᠡᠷ᠎ᠡ ᠨᠢ | ᠲᠤᠬᠠᠢ ᠶᠢᠨ ᠲᠠᠯᠠᠪᠠᠢ ᠶᠢᠨ ᠠᠷᠠᠳ ᠤᠯᠠᠨ ᠤ ᠳᠡᠷᠭᠡᠳᠡ ᠬᠦᠷᠭᠡᠵᠡᠢ᠃ ᠤᠬᠠᠭᠤᠯᠤᠭᠴᠢ ᠠᠴᠠ ᠱᠠᠩᠨᠠᠯ ᠣᠯᠤᠭᠰᠠᠨ ᠮᠡᠬᠡᠯᠡᠯ᠂ ᠰᠦᠯᠵᠢᠶ᠎ᠡ ᠪᠠᠷ ᠪᠠᠷᠠᠭ᠎ᠠ ᠬᠤᠳᠠᠯᠳᠤᠨ | ᠠᠪᠤᠭᠰᠠᠨ ᠮᠡᠬᠡᠯᠡᠯ᠂ ᠡᠷᠡᠭᠦᠯᠵᠢᠯ ᠤᠨ ᠡᠳ᠋ ᠤᠨ ᠨᠠᠰᠤᠵᠢᠯ ᠤᠨ ᠠᠰᠠᠷᠠᠮᠵᠢ ᠶᠢᠨ ᠮᠡᠬᠡᠯᠡᠯ ᠵᠡᠷᠭᠡ ᠦᠷᠭᠦᠯᠵᠢ ᠲᠣᠬᠢᠶᠠᠯᠳᠤᠳᠠᠭ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠤᠨ ᠠᠷᠭ᠎ᠠ ᠵᠠᠮ ᠢ ᠨᠠᠷᠢᠨ ᠲᠠᠶᠢᠯᠪᠤᠷᠢᠯᠠᠬᠤ ᠶᠢᠨ ᠬᠠᠮᠲᠤ ︽ᠵᠢᠷᠭᠤᠭᠠᠨ ᠨᠢᠭᠡᠳᠦᠯᠳᠡᠢ︾ ︽ᠨᠠᠢᠮᠠᠨ ᠪᠦᠬᠦᠨ︾ ᠢ ᠳ᠋ᠦᠩᠨᠡᠵᠦ᠂ ᠣᠯᠠᠨ ᠲᠦᠮᠡᠨ ᠳᠤ | ᠥᠴᠦᠬᠡᠨ ᠠᠰᠢᠭ ᠲᠤ ᠪᠢᠲᠡᠭᠡᠶ ᠬᠤᠪᠳᠣᠭᠯᠠ᠂ ᠵᠣᠭᠤᠰᠣᠨ ᠤ ᠪᠣᠭᠴᠣ ᠪᠠᠨ ᠰᠠᠶᠢᠲᠤᠷ ᠰᠠᠬᠢᠵᠤ᠂ ᠶᠠᠯᠠᠲᠤ ᠡᠲᠡᠭᠡᠳ ᠲᠤ ᠵᠠᠪᠰᠢᠬᠤ ᠲᠣᠬᠢᠶᠠᠯ ᠣᠯᠭᠤᠬᠤ ᠥᠬᠡᠶ | ᠪᠠᠶᠢᠬᠤ ᠶᠢ ᠰᠠᠨᠠᠭᠤᠯᠪᠠ᠃ | | | | ᠲᠤᠰ ᠤᠳᠠᠭ᠎ᠠ ᠶᠢᠨ ᠠᠵᠢᠯᠯᠠᠭ᠎ᠠ ᠳᠤ᠂ ᠯᠢᠶᠠᠩᠴᠧᠩ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ | ᠤᠯᠠᠭᠠᠨᠮᠥ᠋ᠴᠢᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠡᠬᠢ ᠪᠠᠶᠠᠯᠢᠭ ᠢ | ᠨᠡᠶᠢᠳᠬᠡᠵᠦ᠂ ᠡᠰᠲᠷᠠᠳ᠋ ᠳᠠᠭᠤᠤ ᠶᠢᠨ ᠦᠭᠡ ᠶᠢ ᠵᠣᠬᠢᠶᠠᠨ ᠵᠣᠬᠢᠶᠠᠵᠤ ᠡᠰᠲᠷᠠᠳ᠋ ᠳᠠᠭᠤᠤ ᠶᠢ ᠥᠭᠡᠷᠡᠴᠢᠯᠡᠨ ᠨᠠᠶᠢᠷᠠᠭᠤᠯᠵᠤ᠂ ᠤᠯᠠᠨ ᠲᠦᠮᠡᠨ ᠤ ᠦᠵᠡᠵᠦ | ᠰᠣᠨᠢᠷᠬᠠᠬᠤ ᠳᠤᠷᠠᠲᠠᠢ ᠠᠭᠤᠳᠠᠮ ᠲᠠᠯᠠᠪᠠᠢ ᠶᠢᠨ ᠪᠥᠵᠢᠭ ᠤᠨ ᠬᠡᠯᠪᠡᠷᠢ ᠪᠠᠷ ᠬᠥᠮᠦᠵᠢᠯ ᠬᠦᠷᠲᠡᠭᠡᠵᠦ᠂ ᠤᠯᠠᠨ ᠲᠦᠮᠡᠨ ᠤ ᠠᠮᠢᠳᠤᠷᠠᠯ ᠤᠨ ᠳᠤᠮᠳᠠᠬᠢ ᠠᠶᠤᠯ | ᠲᠦᠭᠰᠢᠭᠦᠷᠢ ᠶᠢ ᠦᠨᠡᠨ ᠬᠦ ᠠᠷᠢᠯᠭᠠᠵᠤ᠂ ᠮᠡᠬᠡᠯᠡᠯ ᠢ ᠡᠰᠡᠷᠭᠦᠴᠡᠬᠦ ᠤᠬᠠᠮᠰᠠᠷ ᠢ ᠴᠢᠩᠭᠠᠳᠬᠠᠵᠠᠢ᠃ | ᠴᠠᠭᠳᠠᠭᠠᠨ ᠤ ᠬᠦᠴᠦᠨ ᠬᠢᠵᠠᠭᠠᠷ ᠲᠠᠢ᠂ ᠠᠷᠠᠳ ᠤᠨ ᠬᠦᠴᠦᠨ ᠬᠢᠵᠠᠭᠠᠷ ᠦᠭᠡᠶ᠃ ᠰᠣᠷᠢᠯᠲᠠ ᠶᠢᠨ ᠶᠠᠪᠤᠴᠠ ᠳᠤ ᠣᠯᠠᠨ ᠲᠦᠮᠡᠨ ᠢᠳᠡᠪᠬᠢᠲᠡᠶ ᠪᠠᠷ | ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠦᠨ ᠠᠵᠢᠯᠯᠠᠭ᠎ᠠ ᠳᠤ ᠣᠷᠣᠯᠴᠠᠵᠤ᠂ ᠬᠠᠮᠤᠭ ᠡᠬᠢᠨ ᠤ ᠠᠷᠪᠠᠨ ᠬᠡᠳᠦᠨ ᠬᠥᠮᠦᠨ ᠪᠠᠶᠢᠭᠰᠠᠨ ᠠᠴᠠ ᠪᠠᠨ ᠭᠤᠴᠢ ᠭᠠᠷᠤᠶ | ᠬᠥᠮᠦᠨ ᠪᠣᠯᠤᠨ ᠥᠷᠭᠡᠳᠴᠡᠶ᠃ ᠮᠠᠰᠢ ᠤᠯᠠᠨ ᠤᠯᠠᠨ ᠲᠦᠮᠡᠨ ᠦᠵᠡᠭᠰᠡᠨ ᠤ ᠲᠠᠷᠠᠭ᠎ᠠ᠂ ᠥᠪᠡᠷ ᠢᠶᠠᠨ ᠰᠡᠭᠦᠳᠡᠷᠯᠡᠨ ᠳᠠᠮᠵᠢᠭᠤᠯᠬᠤ ᠠᠵᠢᠯᠯᠠᠭ᠎ᠠ ᠨᠢ ᠲᠤᠰ | ᠤᠳᠠᠭ᠎ᠠ ᠶᠢᠨ ᠠᠵᠢᠯᠯᠠᠭ᠎ᠠ ᠶᠢ ᠮᠡᠳᠡᠷᠡᠵᠦ ᠪᠠᠶᠢᠬᠤ ᠪᠠ ᠪᠠᠭ᠋ᠠᠷᠬᠠᠵᠤ ᠪᠠᠶᠢᠬᠤ ᠪᠠᠨ ᠢᠯᠡᠳᠬᠡᠵᠦ᠂ ᠨᠡᠶᠢᠭᠡᠮ ᠤᠨ ᠰᠠᠶᠢᠨ ᠦᠨᠡᠯᠡᠯᠲᠡ ᠶᠢ ᠥᠷᠭᠡᠨ ᠢᠶᠠᠷ ᠣᠯᠵᠤ᠂ | ᠤᠯᠠᠨ ᠤ ᠤᠬᠠᠭᠠᠨ ᠬᠠᠮᠲᠤ ᠶᠢᠨ ᠬᠦᠴᠦᠨ ᠢ ᠦᠨᠡᠨ ᠬᠦ ᠪᠠᠳᠠᠷᠠᠭᠤᠯᠵᠤ᠂ ᠤᠯᠠᠨ ᠲᠦᠮᠡᠨ ᠢᠶᠠᠷ ᠤᠯᠠᠨ ᠲᠦᠮᠡᠨ ᠢ ᠬᠥᠮᠦᠵᠢᠭᠦᠯᠵᠦ᠂ ᠠᠮᠤᠷ ᠠᠮᠤᠭᠤᠯᠠᠩ | ᠯᠢᠶᠠᠩᠴᠧᠩ ᠰᠢᠶᠠᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠪᠡ᠃ | ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠶᠡᠷᠦᠩᠬᠡᠶ ᠱᠦᠵᠢ ᠰᠢ ᠶᠢᠨ ᠫᠢᠩ ᠤᠨ | ᠤᠯᠠᠭᠠᠨᠮᠥ᠋ᠴᠢᠷ ᠲᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠬᠤᠪᠢᠰᠬᠠᠯᠲᠤ ᠤᠳᠬ᠎ᠠ ᠤᠷᠠᠯᠢᠭ ᠤᠨ | ᠬᠦᠩᠬᠡᠨ ᠮᠣᠷᠢᠲᠤ ᠴᠡᠷᠢᠭ︾ ᠤᠨ ᠬᠦᠳᠦᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠤᠯᠠᠮᠵᠢᠯᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠨᠡᠩ ᠤᠯᠠᠨ | ᠰᠢᠯᠢᠳᠡᠭ ᠳᠣᠲᠣᠭᠠᠳᠤ ᠶᠢ ᠬᠠᠮᠠᠭᠠᠯᠠᠬᠤ ᠤᠳᠬ᠎ᠠ ᠤᠷᠠᠯᠢᠭ ᠤᠨ ᠪᠦᠲᠦᠭᠡᠯ ᠢ ᠦᠷᠭᠦᠯᠵᠢᠯᠡᠨ ᠵᠣᠬᠢᠶᠠᠨ ᠪᠦᠲᠦᠭᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ | ᠭᠤᠣᠯ ᠬᠦᠭ ᠠᠶᠠᠰ ᠢ ᠦᠨᠡᠨ ᠬᠦ ᠤᠯᠠᠮᠵᠢᠯᠠᠵᠤ᠂ ᠳᠣᠲᠣᠭᠠᠳᠤ ᠶᠢ ᠬᠠᠮᠠᠭᠠᠯᠠᠬᠤ ᠢᠳᠡᠪᠬᠢ ᠬᠦᠴᠦᠨ ᠢ ᠪᠠᠳᠠᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ 101 ᠵᠢᠯ ᠤᠨ ᠤᠢ ᠪᠣᠯᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |