ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠢᠳᠡᠷᠡᠭᠦᠨ ᠠᠯᠬᠤᠭ᠎ᠠ ᠪᠠᠷ ᠶᠠᠪᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/21
      ᠣᠶᠢᠷ᠎ᠠ ᠳᠤ᠂ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠠᠩᠭᠢ ᠶᠢᠨ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠯ ᠲᠠᠢ ᠤᠶᠠᠯᠳᠤᠭᠤᠯᠬᠤ᠂ ᠴᠠᠭᠳᠠᠭ᠎ᠠ ᠶᠢᠨ ᠬᠤᠸᠠᠷᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠶᠡᠨᠲᠡᠢ ᠪᠣᠯᠭᠠᠬᠤ᠂ ᠠᠷᠠᠳ ᠤᠨ ᠴᠠᠭᠳᠠᠭ᠎ᠠ ᠶᠢᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠬᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠴᠢᠩᠭᠠᠳᠬᠠᠬᠤ ᠶᠢᠨ ᠲᠥᠯᠥᠭᠡ᠂ ᠪᠦᠬᠦ ᠲᠤᠪᠴᠢᠶᠠᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠨ ᠵᠣᠬᠢᠶᠠᠨ ᠪᠠᠶᠢᠭᠤᠯᠤᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠰᠢᠷᠢᠰ ᠠᠵᠢᠯᠯᠠᠭ᠎ᠠ ︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ︾ ᠢᠳᠡᠷᠡᠭᠦᠨ ᠠᠯᠬᠤᠬᠤ ᠠᠵᠢᠯᠯᠠᠭ᠎ᠠ ᠶᠢ ᠥᠷᠨᠢᠭᠦᠯᠵᠡᠢ᠃ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶ᠎ᠠ ᠶᠢᠨ ᠪᠠᠶᠢᠭᠤᠯᠭ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠡᠶᠢᠳᠡ 150 ᠭᠠᠷᠤᠶ ᠬᠥᠮᠦᠨ ᠠᠵᠢᠯᠯᠠᠭ᠎ᠠ ᠳᠤ ᠣᠷᠤᠯᠴᠠᠪᠠ᠃
微信图片_20220712095326.jpg  
      ᠲᠤᠰ ᠡᠳᠦᠷ ᠤᠨ ᠨᠠᠢᠮᠠᠨ ᠴᠠᠭ ᠤᠨ ᠦᠶ᠎ᠡ ᠪᠠᠷ᠂ ᠲᠦᠸᠧ ᠪᠠ ᠭᠥᠢ ᠴᠡᠴᠡᠷᠯᠢᠭ ᠨᠡᠷᠡᠨ ᠤ ᠲᠤᠶᠠᠭ᠎ᠠ ᠳᠤᠯᠠᠶᠢᠵᠤ᠂ ᠤᠷᠢᠬᠠᠨ ᠰᠠᠯᠬᠢ ᠰᠡᠩᠭᠢᠨᠡᠵᠦ᠂ ᠢᠳᠡᠷᠡᠭᠦᠨ ᠠᠯᠬᠤᠭ᠎ᠠ ᠳᠤ ᠣᠷᠤᠬᠤ ᠴᠠᠭᠳᠠᠭᠠᠨ ᠤ ᠡᠩᠨᠡᠭᠡ ᠴᠤᠭᠯᠠᠷᠠᠨ ᠵᠢᠭᠰᠠᠵᠤ᠂ ᠣᠬᠤᠷᠬᠠᠨ ᠬᠤᠭᠤᠴᠠᠭᠠᠨ ᠤ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠴᠠᠭᠳᠠᠭᠠᠨ ᠤ ᠡᠩᠨᠡᠭᠡ ᠴᠠᠭᠳᠠᠭᠠᠨ ᠤ ᠲᠤᠭ ᠤᠨ ᠲᠠᠭᠠᠭᠤᠯᠭ᠎ᠠ ᠳᠣᠣᠷ᠎ᠠ ᠡᠷᠡᠰ ᠪᠠᠲᠤ ᠲᠤᠮᠤ ᠠᠯᠬᠤᠮ ᠢᠶᠠᠷ ᠤᠷᠤᠭᠰᠢᠯᠠᠵᠤ᠂ ᠢᠳᠡᠷᠡᠭᠦᠨ ᠠᠯᠬᠤᠭ᠎ᠠ ᠪᠠᠷ 6 ᠺᠢᠯᠦᠮᠧᠲᠷ ᠠᠶᠠᠯᠠᠪᠠ᠃
 微信图片_20220712095342.jpg 
      ᠢᠳᠡᠷᠡᠭᠦᠨ ᠠᠯᠬᠤᠭ᠎ᠠ ᠪᠠᠷ ᠶᠠᠪᠤᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠷᠮᠡᠭᠦᠨ ᠵᠣᠷᠢᠭᠲᠠᠶ ᠪᠠᠷ ᠤᠷᠤᠭᠰᠢᠯᠠᠨ ᠳᠠᠪᠰᠢᠬᠤ᠂ ᠪᠦᠯᠬᠦᠮᠳᠡᠯ ᠲᠠᠢ ᠡᠶ᠎ᠡ ᠵᠣᠬᠢᠴᠠᠯ ᠲᠠᠢ᠂ ᠥᠷᠨᠢᠭᠦᠨ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠭᠢᠷᠠᠭ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠪᠠ᠃ ᠥᠷᠭᠡᠨ ᠤᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠡᠩ ᠡᠷᠡᠭᠦᠯ ᠴᠢᠭᠢᠷᠠᠭ ᠪᠡᠶ᠎ᠡ ᠮᠠᠬᠠᠪᠣᠳ ᠪᠠ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠶ᠃ 
ᠢᠷᠡᠯᠲᠡ᠄ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ