ᠭᠤᠸᠠᠩᠮᠢᠩ ᠲᠤᠮᠢᠯᠠᠭᠰᠠᠨ ᠰᠠᠯᠪᠤᠷᠢ ᠰᠤᠷᠭᠠᠭᠤᠯᠢ ᠶᠢᠨ ᠡᠷᠭᠢᠨ ᠲᠤᠭᠤᠷᠢᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠦᠷᠨᠢᠭᠦᠯᠪᠡ
ᠨᠡᠶᠢᠲᠡᠯᠡᠭᠰᠡᠨ ᠴᠠᠭ᠄
2022/7/21
      ᠰᠤᠷᠭᠠᠭᠤᠯᠢ ᠶᠢᠨ ᠬᠦᠷᠢᠶᠡᠨ ᠤ ᠤᠷᠴᠢᠨ ᠲᠤᠭᠤᠷᠢᠨ ᠤ ᠡᠮᠬᠢ ᠲᠢᠭᠯᠢᠮ ᠢ ᠤᠯᠠᠮ ᠨᠢᠭᠡ ᠠᠯᠬᠤᠮ ᠴᠡᠪᠡᠷᠰᠢᠭᠦᠯᠬᠦ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠤᠭᠤᠭ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ ᠠᠷᠢᠯᠭᠠᠬᠤ᠂ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠭᠢᠨ ᠲᠤᠭᠤᠷᠢᠨ ᠤ ᠠᠮᠤᠷ ᠲᠦᠪᠰᠢᠨ ᠤ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠤᠰᠠᠲᠠ᠂ ᠤᠷᠴᠢᠮ ᠤᠨ ᠡᠳᠦᠷ᠂ ᠭᠤᠸᠠᠩᠮᠢᠩ ᠲᠤᠮᠢᠯᠠᠭᠰᠠᠨ ᠰᠠᠯᠪᠤᠷᠢ ᠰᠤᠷᠭᠠᠭᠤᠯᠢ ᠶᠢᠨ ᠬᠦᠷᠢᠶᠡᠨ ᠤ ᠡᠷᠭᠢᠨ ᠲᠤᠭᠤᠷᠢᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠦᠷᠨᠢᠭᠦᠯᠪᠡ᠃
 微信图片_20220601164542.jpg 
      ᠠᠵᠢᠯ ᠤᠨ ᠳᠤᠮᠳᠠ᠂ ᠠᠷᠠᠳ ᠤᠨ ᠴᠠᠭᠳᠠᠭ᠎ᠠ ᠬᠠᠷᠢᠶᠠᠲᠤ ᠤᠷᠤᠨ ᠤ ᠳᠤᠮᠳᠠᠲᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠭᠠᠯ ᠤᠨᠲᠠᠷᠠᠭᠠᠬᠤ ᠪᠡᠯᠡᠳᠭᠡᠮᠵᠢ᠂ ᠠᠮᠤᠷ ᠢ ᠬᠠᠮᠠᠭᠠᠯᠠᠬᠤ ᠪᠠᠭᠠᠵᠢ ᠬᠡᠷᠡᠭᠰᠡᠯ ᠤᠨ ᠬᠠᠮᠢᠶᠠᠷᠤᠯᠲᠠ ᠳᠤ ᠪᠠᠶᠢᠴᠠᠭᠠᠯᠲᠠ ᠬᠢᠵᠤ᠂ ᠰᠤᠷᠭᠠᠭᠤᠯᠢ ᠶᠢᠨ ᠭᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠲᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠤᠷᠤᠵᠤ ᠭᠠᠷᠬᠤ ᠬᠦᠮᠦᠨ ᠤ ᠡᠳ᠋ ᠪᠤᠳᠠᠰ ᠢ ᠪᠠᠶᠢᠴᠠᠭᠠᠨ ᠪᠦᠷᠢᠳᠭᠡᠬᠦ ᠶᠢ ᠴᠢᠩᠭᠠᠳᠬᠠᠨ᠂ ᠬᠠᠤᠯᠢ ᠪᠤᠰᠤ ᠬᠦᠮᠦᠰ ᠪᠠ ᠵᠠᠬᠢᠷᠤᠨ ᠡᠵᠡᠮᠳᠡᠬᠦ ᠪᠠᠭᠠᠵᠢ ᠬᠡᠷᠡᠭᠰᠡᠯ ᠠᠶᠤᠯ ᠲᠠᠢ ᠡᠳ᠋ ᠢ ᠰᠤᠷᠭᠠᠭᠤᠯᠢ ᠶᠢᠨ ᠬᠦᠷᠢᠶᠡᠨ ᠳᠤ ᠠᠪᠴᠤ ᠤᠷᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠤ ᠱᠠᠭᠠᠷᠳᠠᠪᠠ᠃ ᠡᠭᠦᠨ ᠤ ᠬᠠᠮᠲᠤ ᠬᠢᠴᠢᠶᠡᠯ ᠤᠨ ᠭᠡᠷ᠂ ᠪᠠᠶᠢᠷᠢ ᠶᠢᠨ ᠭᠡᠷ ᠤᠨ ᠲᠤᠲᠤᠷᠠᠬᠢ ᠬᠢᠴᠢᠶᠡᠯ ᠤᠨ ᠰᠢᠷᠡᠭᠡᠨ ᠤ ᠰᠢᠷᠭᠠᠭᠤᠯ᠂ ᠠᠪᠴᠤ ᠶᠠᠪᠤᠬᠤ ᠳᠤ ᠳᠦᠭᠦᠮ ᠪᠢᠴᠢᠭ ᠤᠨ ᠪᠤᠭᠴᠤ᠂ ᠤᠷᠤ᠂ ᠬᠠᠶᠢᠷᠴᠠᠭ ᠵᠡᠷᠭᠡ ᠬᠠᠮᠢᠶᠠᠷᠤᠨ ᠡᠵᠡᠮᠳᠡᠬᠦ ᠬᠢᠲᠤᠭ᠎ᠠ ᠪᠠᠭᠠᠵᠢ᠂ ᠬᠠᠤᠯᠢ ᠶᠢ ᠵᠦᠷᠢᠴᠢᠭᠰᠡᠨ ᠪᠤᠳᠠᠰ ᠬᠠᠳᠠᠭᠠᠯᠠᠵᠤ ᠮᠡᠳᠡᠬᠦ ᠭᠠᠵᠠᠷ ᠲᠤ ᠱᠠᠯᠠᠪᠳᠠᠨ ᠪᠠᠶᠢᠴᠠᠭᠠᠯᠲᠠ ᠬᠢᠵᠤ᠂ ᠡᠯ᠎ᠡ ᠰᠤᠷᠭᠠᠭᠤᠯᠢ ᠶᠢᠨ ᠬᠦᠷᠢᠶᠡᠨ ᠤ ᠡᠷᠭᠢᠨ ᠲᠤᠭᠤᠷᠢᠨ ᠳᠤ ᠴᠤᠭᠯᠠᠷᠠᠨ ᠢᠷᠡᠭᠰᠡᠨ ᠨᠡᠶᠢᠭᠡᠮ ᠤᠨ ᠰᠤᠯᠠ ᠪᠠᠶᠢᠭ᠎ᠠ ᠬᠦᠮᠦᠰ ᠢ ᠲᠤᠭᠠᠯᠠᠨ ᠪᠠᠶᠢᠴᠠᠭᠠᠵᠤ᠂ ᠢᠳᠬᠠᠨ ᠳᠠᠷᠬᠠᠭᠠᠬᠤ ᠠᠵᠢᠯ ᠢ ᠬᠢᠪᠡ᠃
  微信图片_202206011658263.jpg
      ᠲᠤᠰ ᠤᠳᠠᠭᠠᠨ ᠤ ᠲᠤᠰᠬᠠᠢ ᠠᠵᠢᠯᠯᠠᠭ᠎ᠠ ᠪᠠᠷ ᠳᠠᠮᠵᠢᠭᠤᠯᠤᠨ᠂ ᠬᠠᠷᠢᠶ᠎ᠠ ᠤᠷᠤᠨ ᠤ ᠰᠤᠷᠭᠠᠭᠤᠯᠢ ᠵᠢᠴᠢ ᠤᠶᠢᠷ᠎ᠠ ᠬᠠᠪᠢ ᠶᠢᠨ ᠠᠮᠤᠷ ᠲᠦᠪᠰᠢᠨ ᠤᠯᠠᠮ ᠰᠢᠯᠢᠳᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠡᠷᠡᠭ ᠡᠭᠦᠰᠬᠦ ᠶᠢ ᠪᠦᠲᠦᠮᠵᠢᠲᠡᠢ ᠰᠡᠷᠭᠡᠶᠢᠯᠡᠵᠦ᠂ ᠠᠮᠤᠷ ᠲᠦᠪᠰᠢᠨ ᠤ ᠳᠠᠯᠳᠠ ᠭᠡᠮ ᠰᠤᠭᠤᠭ ᠢ ᠠᠷᠢᠯᠭᠠᠨ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢ ᠪᠠ ᠭᠡᠷ ᠤᠨ ᠠᠬᠠᠮᠠᠳ ᠤᠨ ᠰᠠᠨᠠᠯ ᠨᠢᠭᠡᠲᠡᠢ ᠵᠦᠪᠰᠢᠶᠡᠷᠡᠯ ᠢ ᠣᠯᠪᠠ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ