ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠴᠢᠩᠭ᠎ᠠ ᠴᠡᠭᠴᠡᠯᠡᠨ ᠵᠠᠰᠠᠵᠤ ᠠᠮᠤᠷ ᠲᠦᠪᠰᠢᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2022/7/21
      ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠨ ᠴᠣᠬᠢᠯᠲᠠ ᠥᠭᠴᠦ ᠴᠡᠭᠴᠡᠯᠡᠨ ᠵᠠᠰᠠᠬᠤ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠦᠬᠠᠢ ᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠠᠷᠠᠳ ᠤᠯᠠᠨ ᠤ ᠠᠮᠤᠷ ᠲᠦᠪᠰᠢᠨ ᠢ ᠬᠠᠮᠠᠭᠠᠯᠠᠬᠤ︾ ᠪᠠᠷ ᠭᠤᠣᠯ ᠰᠢᠵᠢᠮ ᠤᠨ ᠲᠣᠭᠤᠷᠢᠨ ᠳᠤ᠂ ᠤᠷᠢᠳᠴᠢᠯᠠᠨ ᠪᠠᠶᠢᠷᠢᠯᠠᠭᠤᠯᠵᠤ᠂ ᠬᠦᠴᠦᠲᠡᠢ ᠴᠣᠬᠢᠯᠲᠠ ᠥᠭᠴᠦ᠂ ᠬᠤᠯᠪᠤᠭᠠᠯᠠᠨ ᠦᠢᠯᠡᠴᠢᠯᠡᠨ᠂ ᠤᠯᠠᠨ ᠲᠠᠯ᠎ᠠ ᠪᠠᠷ ᠬᠥᠳᠡᠯᠦᠯᠴᠡᠵᠦ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠭᠤᠣᠯᠳᠠᠯᠭ᠎ᠠ ᠲᠠᠢ ᠲᠠᠯᠠᠪᠤᠷ ᠲᠤ ᠬᠦᠷᠴᠦ ᠰᠤᠷᠪᠤᠯᠵᠢᠯᠠᠬᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ︽ᠲᠦᠷᠪᠡᠨ ᠭᠤᠣᠯᠳᠠᠯᠭ᠎ᠠ ᠶᠢ ᠲᠤᠪᠤᠶᠢᠯᠭᠠᠵᠦ᠂ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ︾᠂ ︽ᠵᠠᠭᠤᠨ ᠡᠳᠦᠷ ᠤᠨ ᠠᠵᠢᠯᠯᠠᠭ᠎ᠠ︾ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠤ᠂ ᠦᠬᠠᠢ ᠬᠤᠲᠠ ᠳᠤ ︽ᠠᠮᠤᠷ ᠲᠦᠪᠰᠢᠨ ᠤ ᠨᠡᠭᠡᠯᠡᠭᠡᠢ︾ ᠶᠢ ᠪᠠᠶᠢᠭᠤᠯᠤᠨ᠎ᠠ᠃
微信图片_20220704110543.jpg
           ᠭᠤᠣᠯᠳᠠᠯᠭ᠎ᠠ ᠲᠠᠢ ᠵᠠᠮ ᠤᠨ ᠬᠡᠰᠡᠭ ᠢ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠭᠤᠣᠯ ᠣᠷᠣᠨ ᠪᠦᠰᠡ ᠪᠣᠯᠭᠠᠨ᠂ ᠭᠤᠣᠯᠳᠠᠯᠭ᠎ᠠ ᠲᠠᠢ ᠲᠠᠯᠠᠪᠤᠷ ᠢ ᠰᠤᠷᠪᠤᠯᠵᠢᠯᠠᠨ ᠤᠬᠠᠭᠤᠯᠬᠤ ᠭᠤᠣᠯ ᠵᠢᠭᠰᠠᠭᠠᠯ ᠤᠨ ᠭᠠᠵᠠᠷ ᠪᠣᠯᠭᠠᠨ᠂ ᠭᠤᠣᠯᠳᠠᠯᠭ᠎ᠠ ᠲᠠᠢ ᠭᠡᠮ ᠰᠣᠭᠤᠭ ᠢ ᠡᠬᠢ ᠡᠭᠦᠰᠦᠯ ᠠᠴᠠ ᠨᠢ ᠵᠠᠰᠠᠬᠤ ᠪᠦᠲᠦᠮᠵᠢᠲᠡᠢ ᠠᠷᠭ᠎ᠠ ᠪᠠᠷᠢᠯ ᠪᠣᠯᠭᠠᠨ᠂ ᠬᠠᠤᠯᠢ ᠠᠴᠠ ᠭᠤᠣᠯᠳᠠᠯᠭ᠎ᠠ ᠲᠠᠢ ᠵᠥᠷᠢᠴᠡᠭᠰᠡᠨ ᠠᠵᠢᠯᠯᠠᠭ᠎ᠠ ᠶᠢ ︽ᠵᠠᠭᠤᠨ ᠡᠳᠦᠷ ᠤᠨ ᠠᠵᠢᠯᠯᠠᠭ᠎ᠠ︾ ᠶᠢᠨ ᠲᠣᠪᠣᠶᠢᠮ᠎ᠠ ᠠᠭᠤᠯᠭ᠎ᠠ ᠪᠣᠯᠭᠠᠪᠠ᠃
 微信图片_20220704110608.jpg 
      ᠭᠤᠣᠯᠳᠠᠯᠭ᠎ᠠ ᠲᠠᠢ ᠵᠠᠮ ᠤᠨ ᠬᠡᠰᠡᠭ ᠤᠨ ᠴᠠᠭᠳᠠᠨ ᠡᠵᠡᠮᠳᠡᠬᠦ ᠲᠠᠯ᠎ᠠ ᠪᠠᠷ᠂ ︽ᠴᠠᠭᠳᠠᠭᠠᠨ ᠤ ᠬᠦᠴᠦᠨ ᠢ ᠣᠯᠵᠤ ᠦᠵᠡᠬᠦ᠂ ᠰᠡᠷᠡᠮᠵᠢ ᠶᠢᠨ ᠳ᠋ᠧᠩ ᠢ ᠠᠰᠠᠭᠠᠬᠤ᠂ ᠦᠢᠯᠡᠴᠢᠯᠡᠭᠡ ᠶᠢ ᠴᠢᠬᠤᠯᠠᠴᠢᠯᠠᠬᠤ᠂ ᠬᠠᠤᠯᠢ ᠠᠴᠠ ᠵᠥᠷᠢᠴᠡᠭᠰᠡᠨ ᠢ ᠪᠠᠶᠢᠴᠠᠭᠠᠬᠤ︾ ᠪᠠᠷ ᠠᠷᠭ᠎ᠠ ᠬᠡᠮᠵᠢᠶ᠎ᠡ ᠪᠣᠯᠭᠠᠵᠤ᠂ ᠣᠶᠤᠨᠲᠤ ᠴᠠᠭᠳᠠᠭᠠᠨ ᠤ ᠲᠡᠷᠭᠡ ᠶᠢ ᠠᠰᠢᠭᠯᠠᠨ  ᠡᠳᠦᠷ ᠰᠦᠨᠢ ᠦᠭᠡᠢ ᠪᠠ ᠣᠷᠣᠨ ᠵᠠᠢ ᠳᠤ ᠲᠣᠭᠤᠷᠢᠨ ᠪᠠᠶᠢᠴᠠᠭᠠᠨ᠂ ᠪᠠᠶᠢᠳᠠᠯ ᠢ ᠴᠠᠭ ᠲᠤᠬᠠᠢ ᠳᠤ ᠨᠢ ᠢᠯᠡᠷᠡᠭᠦᠯᠵᠦ᠂ ᠭᠤᠣᠯᠳᠠᠯᠭ᠎ᠠ ᠲᠠᠢ ᠱᠤᠭᠤᠮ ᠢᠶᠠᠷ ᠬᠠᠮᠢᠶᠠᠷᠬᠤ ᠪᠠᠷ ᠪᠠᠷᠠᠬᠤ ᠦᠭᠡᠢ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠨᠠᠩ ᠳᠣᠪᠦᠶᠢᠯᠭᠠᠪᠠ᠃ ᠭᠤᠣᠯᠳᠠᠯᠭ᠎ᠠ ᠲᠠᠢ ᠲᠠᠯᠠᠪᠤᠷ ᠢᠶᠠᠷ ᠰᠤᠷᠪᠤᠯᠵᠢᠯᠠᠬᠤ ᠲᠠᠯ᠎ᠠ ᠪᠠᠷ᠂ ᠰᠠᠨᠠᠭᠠᠴᠢᠯᠠᠭ᠎ᠠ ᠠᠴᠠ ᠪᠠᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠨ ᠪᠠᠶᠢᠴᠠᠭᠠᠬᠤ ᠣᠨᠴᠠ ᠴᠠᠭᠳᠠᠭ᠎ᠠ᠂ ᠲᠣᠮᠢᠯᠠᠭᠰᠠᠨ ᠰᠠᠯᠪᠤᠷᠢ ᠲᠠᠢ ᠬᠤᠯᠪᠤᠭᠠᠯᠠᠨ ᠬᠡᠷᠡᠭ ᠡᠳᠦᠬᠦ ᠭᠠᠵᠠᠷ᠂ ᠵᠢᠱᠢᠶᠡᠯᠡᠪᠡᠯ ᠠᠷᠢᠬᠢᠨ ᠮᠤᠬᠤᠯᠠᠭ᠂ ᠬᠤᠳᠠᠯᠳᠤᠭᠠᠨ ᠤ ᠲᠠᠯᠠᠪᠤᠷ᠂ ᠰᠥᠨᠢ ᠶᠢᠨ ᠵᠠᠬ᠎ᠠ ᠳᠡᠯᠭᠡᠭᠦᠷ ᠵᠡᠷᠭᠡ ᠲᠠᠯᠠᠪᠤᠷ ᠢ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠰᠤᠷᠪᠤᠯᠵᠢᠯᠠᠬᠤ ᠤᠬᠠᠭᠤᠯᠭ᠎ᠠ ᠶᠢᠨ ᠤᠳᠠᠭ᠎ᠠ ᠪᠠᠨ ᠨᠡᠮᠡᠭᠳᠡᠭᠦᠯᠦᠨ᠂ ᠲᠦᠷᠭᠡᠨ ᠲᠤᠰᠬᠠᠬᠤ᠂ ᠲᠦᠷᠭᠡᠨ ᠬᠤᠯᠪᠤᠭᠠᠯᠠᠨ ᠬᠥᠳᠡᠯᠦᠯᠴᠡᠬᠦ᠂ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠣᠯᠠᠨ ᠤ ᠠᠮᠤᠷ ᠲᠦᠪᠰᠢᠨ ᠢ ᠬᠠᠮᠠᠭᠠᠯᠠᠬᠤ ᠶᠢ ᠨᠢᠭᠡᠳᠦᠭᠡᠷ ᠡᠭᠦᠷᠭᠡ ᠪᠠᠨ ᠪᠣᠯᠭᠠᠪᠠ᠃ ᠭᠤᠣᠯᠳᠠᠯᠭ᠎ᠠ ᠲᠠᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠠᠯ᠎ᠠ ᠪᠠᠷ᠂ ᠵᠣᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠪᠣᠯᠣᠨ ᠣᠨᠴᠠᠯᠢᠭ ᠢ ᠬᠢᠨᠠᠮᠠᠭᠠᠢ ᠵᠠᠳᠠᠯᠵᠤ᠂ ᠵᠠᠮ ᠤᠨ ᠨᠢᠭᠤᠷ ᠲᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤ ᠨᠢ ᠵᠢᠭᠰᠠᠭᠠᠨ ᠪᠠᠶᠢᠴᠠᠭᠠᠵᠤ᠂ ᠬᠡᠮ ᠰᠣᠭᠤᠭ ᠢ ᠲᠠᠯᠪᠢᠯ ᠦᠭᠡᠢ ᠪᠠᠷ ᠴᠢᠩᠭ᠎ᠠ ᠠᠵᠢᠭᠯᠠᠵᠤ᠂ ᠨᠢᠭᠡ ᠤᠳᠠᠭ᠎ᠠ ᠵᠢᠭᠰᠠᠭᠠᠨ ᠪᠠᠶᠢᠴᠠᠭᠠᠵᠤ ᠨᠢᠭᠡ ᠤᠳᠠᠭ᠎ᠠ ᠵᠠᠰᠠᠨ᠂ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠭᠠᠷᠭᠠᠨ᠂ ᠬᠡᠮ ᠰᠣᠭᠤᠭ ᠢ ᠳᠠᠰᠤᠷᠠᠯᠲᠠ ᠦᠭᠡᠢ ᠠᠷᠢᠯᠭᠠᠪᠠ᠃ ᠭᠤᠣᠯᠳᠠᠯᠭ᠎ᠠ ᠲᠠᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠲᠠᠯ᠎ᠠ ᠪᠠᠷ᠂ ᠰᠣᠭᠲᠣᠭᠤ ᠪᠠᠷ ᠲᠡᠷᠭᠡ ᠵᠢᠯᠤᠭᠤᠳᠬᠤ᠂ ᠲᠡᠷᠭᠡ ᠳᠠᠪᠬᠢᠭᠤᠯᠤᠨ ᠠᠷᠠᠳ ᠢ ᠦᠶᠮᠡᠭᠦᠯᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢᠨ ᠲᠣᠭᠤᠷᠢᠨ ᠳᠤ ᠬᠦᠴᠦᠲᠡᠢ ᠴᠣᠬᠢᠯᠲᠠ ᠥᠭᠬᠦ᠂ ᠴᠠᠭ ᠢ ᠵᠦᠷᠢᠭᠦᠯᠦᠨ ᠴᠠᠭᠳᠠᠭ᠎ᠠ ᠬᠡᠷᠡᠭᠯᠡᠬᠦ᠂ ᠪᠠᠶᠢᠩᠭᠤᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠪᠡ᠃
 微信图片_20220704111630.jpg  
      ︽ᠰᠣᠬᠤᠷ ᠪᠠᠯᠠᠢ ᠣᠷᠣᠨ ᠢ ᠦᠯᠡᠳᠡᠭᠡᠬᠦ ᠦᠭᠡᠢ︾᠂ ᠴᠠᠭ ᠤᠨ ᠣᠷᠣᠨ ᠪᠦᠰᠡ ᠶᠢ ᠪᠦᠬᠦᠨ ᠢ ᠪᠦᠷᠬᠦᠭᠦᠯᠵᠦ᠂ ᠲᠣᠣᠷ ᠢ ᠨᠢᠭᠲᠠ ᠰᠦᠯᠵᠢᠨ᠂ 24 ᠴᠠᠭ ᠤᠨ ᠱᠠᠲᠤᠯᠵᠢᠨ ᠡᠩᠨᠡᠭᠡ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠪᠠ᠃ ︽ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ︾᠂ ᠴᠣᠬᠢᠯᠲᠠ ᠥᠭᠬᠦ ᠪᠠ ᠤᠬᠠᠭᠤᠯᠬᠤ ᠶᠢᠨ ᠬᠤᠣᠰ ᠳᠠᠭᠠᠷᠢᠯᠲᠠ ᠶᠢᠨ ᠠᠷᠭ᠎ᠠ ᠶᠢ ᠠᠪᠴᠤ᠂ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢ ᠵᠡᠷᠭᠡᠪᠡᠷ ᠳᠡᠭᠡᠭᠰᠢᠯᠡᠭᠦᠯᠬᠦ ᠶᠢ ᠪᠦᠷᠢᠯᠳᠦᠭᠦᠯᠪᠡ᠃ ︽ᠬᠤᠰᠢᠭᠤᠴᠢ ᠳᠠᠭᠠᠷᠢᠯᠲᠠ︾᠂ ᠪᠣᠳᠠᠲᠠᠢ ᠪᠠᠶᠢᠯᠳᠤᠭᠠᠨ ᠳᠤ ᠴᠠᠭᠠᠷᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠰᠣᠩᠭᠤᠨ ᠬᠤᠰᠢᠭᠤᠴᠢ ᠬᠤᠪᠢᠶᠠᠷᠢ ᠠᠩᠭᠢ ᠪᠠᠶᠢᠭᠤᠯᠵᠤ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠲᠣᠭᠲᠠᠭᠰᠠᠨ ᠴᠠᠭ ᠪᠠ ᠲᠣᠭᠲᠠᠭᠰᠠᠨ ᠣᠷᠣᠨ ᠬᠡᠪᠴᠢᠶ᠎ᠡ ᠶᠢ ᠲᠣᠭᠲᠠᠭᠠᠭᠰᠠᠨ ᠦᠭᠡᠢ ᠪᠠᠷ ᠴᠢᠩᠭ᠎ᠠ ᠴᠣᠬᠢᠯᠲᠠ ᠥᠭᠪᠡ᠃      ᠦᠬᠠᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠪᠦᠬᠦ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ᠂ ᠵᠠᠮ ᠬᠠᠷᠢᠯᠴᠠᠭ᠎ᠠ ᠶᠢ ᠬᠠᠮᠢᠶᠠᠷᠬᠤ ᠪᠠᠷ ᠪᠠᠷᠠᠬᠤ ᠦᠭᠡᠢ ᠪᠠᠰᠠ ᠠᠮᠤᠷ ᠢ ᠬᠠᠮᠠᠭᠠᠯᠠᠬᠤ ᠠᠵᠢᠯ ᠢ ᠬᠠᠮᠢᠶᠠᠷᠴᠤ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠣᠮᠢᠯᠠᠭᠰᠠᠨ ᠰᠠᠯᠪᠤᠷᠢ᠂ ᠴᠠᠭᠳᠠᠨ ᠪᠠᠶᠢᠴᠠᠭᠠᠬᠤ ᠣᠨᠴᠠ ᠴᠠᠭᠳᠠᠭ᠎ᠠ ᠵᠢᠴᠢ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠬᠦᠴᠦᠨ ᠲᠠᠢ ᠨᠢᠭᠲᠠ ᠬᠠᠮᠵᠢᠯᠴᠠᠵᠤ᠂ ᠥᠪᠡᠷ ᠪᠣᠰᠤᠳ ᠢ ᠪᠠᠨ ᠢᠯᠭᠠᠬᠤ ᠦᠭᠡᠢ᠂ ᠵᠠᠭᠠᠭ ᠱᠤᠭᠤᠮ ᠢᠯᠭᠠᠬᠤ ᠦᠭᠡᠢ ᠪᠠᠷ ︽ᠵᠠᠭᠤᠨ ᠡᠳᠦᠷ ᠤᠨ ᠠᠵᠢᠯᠯᠠᠭ᠎ᠠ︾ ᠳᠤᠮᠳᠠ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠂ ᠪᠦᠬᠦ ᠬᠦᠴᠦᠨ ᠢᠶᠠᠷ ᠢᠶᠠᠨ ᠠᠷᠠᠳ ᠤᠯᠠᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠠᠰᠤᠷᠠᠯᠲᠠ ᠦᠭᠡᠢ ᠳᠡᠭᠡᠭᠰᠢᠯᠡᠭᠦᠯᠵᠦ ᠪᠣᠢ᠃    
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ