ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠵᠢᠴᠢ ᠬᠠᠶᠠᠭᠳᠠᠮᠠᠯ ᠬᠠᠭᠤᠴᠢᠨ ᠦᠢᠯᠡᠳᠪᠦᠷᠢ ᠶᠢᠨ ᠲᠠᠰᠤᠭ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/21
      ᠣᠶᠢᠷ᠎ᠠ ᠳᠤ᠂ ᠬᠤᠣᠷᠲᠤ ᠡᠳ᠋ ᠦᠢᠯᠡᠳᠬᠦ᠂ ᠬᠤᠣᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ᠂ ᠬᠠᠶᠠᠭᠳᠠᠮᠠᠯ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠥᠮᠥᠷᠭᠡ ᠵᠡᠷᠭᠡ ᠠᠮᠠᠷᠬᠠᠨ ᠰᠡᠷᠡᠵᠦ ᠮᠡᠳᠡᠳᠡᠭ ᠦᠭᠡᠢ ᠲᠠᠯᠳᠠ ᠲᠠᠯᠠᠪᠤᠷ ᠲᠤ ᠬᠤᠣᠷᠲᠤ ᠡᠳ᠋ ᠦᠢᠯᠡᠳᠬᠦ᠂ ᠬᠤᠣᠷᠲᠤ ᠡᠳ᠋ ᠫᠠᠨᠽᠠᠯᠠᠬᠤ ᠪᠠ ᠬᠤᠣᠷᠲᠤ ᠡᠳ᠋ ᠲᠠᠲᠠᠵᠤ ᠢᠳᠡᠬᠦ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠤᠯᠠᠮ ᠨᠢᠭᠡ ᠠᠯᠬᠤᠮ ᠪᠦᠲᠦᠮᠵᠢᠲᠡᠶ ᠪᠠᠷ ᠬᠤᠷᠢᠭᠯᠠᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠭᠡ ᠠᠩᠭᠢ ᠬᠠᠷᠢᠶᠠᠲᠤ ᠣᠷᠣᠨ ᠤ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠠᠵᠤ ᠠᠬᠤᠶᠢᠯᠠᠯ ᠵᠢᠴᠢ ᠡᠷᠬᠢᠨ ᠲᠣᠭᠤᠷᠢᠨ ᠤ ᠬᠠᠶᠠᠭᠳᠠᠮᠠᠯ ᠬᠠᠭᠤᠴᠢᠨ ᠦᠢᠯᠡᠳᠪᠦᠷᠢ ᠶᠢᠨ ᠬᠡᠷ ᠪᠠᠶᠢᠰᠢᠩ᠂ ᠰᠠᠩ ᠬᠥᠮᠥᠷᠭᠡ ᠵᠡᠷᠭᠡ ᠲᠠᠯᠠᠪᠤᠷ ᠲᠤ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠶᠡᠭᠡ ᠪᠠᠷ ᠪᠠᠶᠢᠴᠠᠭᠠᠵᠤ ᠪᠠᠶᠢᠨ᠎ᠠ᠃
7accd4eb3fb03249169185a00e7ebaf.jpg  
      ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠡᠬᠡ ᠲᠠᠩᠰᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠬᠦ᠂ ᠬᠡᠷᠡᠭᠯᠡᠬᠦ᠂ ᠪᠣᠷᠣᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ ᠵᠡᠷᠭᠡ ᠵᠠᠩᠭᠢᠯᠠᠭ᠎ᠠ ᠶᠢᠨ ᠪᠠᠶᠢᠳᠠᠯ ᠢ ᠨᠠᠷᠢᠨ ᠨᠢᠮᠪᠠᠶ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ᠂ ᠨᠢᠭᠡ ᠳᠤ ᠠᠵᠢᠯ ᠢᠶᠠᠨ ᠪᠣᠳᠠᠲᠠᠶᠢᠵᠢᠭᠤᠯᠤᠭᠰᠠᠨ ᠥᠬᠡᠶ᠂ ᠬᠠᠮᠢᠶᠠᠷᠤᠯᠲᠠ ᠶᠢᠨ ᠲᠦᠷᠢᠮ ᠲᠡᠭᠦᠯᠳᠡᠷ ᠪᠤᠰᠤ᠂ ︽ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠲᠦᠷᠢᠮ︾ ᠢ ᠰᠠᠶᠢᠨ ᠮᠡᠳᠡᠬᠦ ᠥᠬᠡᠶ ᠵᠡᠷᠭᠡ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠳᠤᠷᠠᠳᠴᠤ᠂ ᠠᠵᠤ ᠠᠬᠤᠶᠢᠯᠠᠯ ᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠲᠡᠳᠡᠨ ᠢ ᠰᠢᠪᠠᠳᠠᠨ ᠥᠪᠡᠷ ᠢ ᠪᠠᠨ ᠬᠠᠮᠢᠶᠠᠷᠬᠤ ᠠᠵᠢᠯ ᠢ ᠰᠠᠶᠢᠲᠤᠷ ᠬᠢᠯᠭᠡᠬᠦ ᠪᠠᠷ ᠱᠠᠭᠠᠷᠳᠠᠪᠠ︔ ᠬᠤᠶᠠᠷ ᠲᠤ ᠠᠵᠤ ᠠᠬᠤᠶᠢᠯᠠᠯ ᠤᠨ ᠬᠥᠮᠦᠵᠢᠯ ᠪᠣᠯᠪᠠᠰᠤᠷᠠᠭᠤᠯᠤᠯ ᠢ ᠠᠳᠬᠤᠵᠤ᠂ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ ᠤᠬᠠᠮᠰᠠᠷ ᠢ ᠳᠡᠭᠡᠭᠰᠢᠯᠡᠭᠦᠯᠦᠨ᠂ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ᠂ ᠲᠡᠭᠡᠭᠡᠪᠦᠷᠢᠯᠡᠬᠦ ᠠᠵᠢᠯ ᠢ ᠵᠢᠷᠤᠮᠵᠢᠯ ᠲᠠᠢ᠂ ᠬᠠᠤᠯᠢ ᠶᠣᠰᠣᠭᠠᠷ ᠡᠷᠭᠢᠯᠡᠨ᠎ᠡ᠃ ᠪᠠᠶᠢᠴᠠᠭᠠᠯᠲᠠ ᠪᠠᠷ ᠳᠡᠮᠵᠢᠨ᠂ ᠠᠵᠤ ᠠᠬᠤᠶᠢᠯᠠᠯ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠬᠤᠤᠷᠲᠤ ᠡᠳ᠋ ᠦᠢᠯᠡᠳᠬᠦ ᠵᠠᠮ ᠳᠤ ᠣᠷᠣᠬᠤ ᠶᠢ ᠪᠦᠲᠦᠮᠵᠢᠲᠡᠶ ᠬᠤᠷᠢᠭᠯᠠᠪᠠ᠃      ᠵᠢᠭᠰᠠᠭᠠᠨ ᠪᠠᠶᠢᠴᠠᠭᠠᠬᠤ ᠠᠵᠢᠯ ᠢ ᠬᠢᠬᠦ ᠶᠢᠨ ᠬᠠᠮᠲᠤ᠂ ᠠᠷᠠᠳ ᠤᠨ ᠴᠠᠭᠳᠠᠭ᠎ᠠ ᠪᠠᠶᠢᠴᠠᠭᠠᠵᠤ ᠪᠠᠶᠢᠭ᠎ᠠ ᠠᠵᠤ ᠠᠬᠤᠶᠢᠯᠠᠯ᠂ ᠦᠢᠯᠡᠳᠪᠦᠷᠢ ᠠᠭᠤᠷᠬᠠᠶ ᠵᠡᠷᠭᠡ ᠶᠢᠨ ᠢᠯᠡ ᠭᠠᠵᠠᠷ ᠲᠤ ︽ᠠᠮᠢ ᠨᠠᠰᠤ ᠪᠠᠨ ᠨᠠᠨᠳᠢᠩᠨᠠᠨ ᠬᠤᠣᠷ ᠡᠳ᠋ ᠠᠴᠠ ᠬᠤᠯᠠᠳᠠᠶ᠎ᠠ︾ ᠰᠡᠷᠡᠮᠵᠢ ᠶᠢᠨ ᠫᠠᠶᠢᠰᠠ ᠪᠣᠯᠤᠨ ᠢᠯᠡᠴᠢᠯᠡᠨ ᠮᠡᠳᠡᠭᠦᠯᠬᠦ ᠤᠲᠠᠰᠤ ᠶᠢ ᠨᠠᠭᠠᠵᠠᠶ᠃ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠥᠮᠥᠷᠭᠡ ᠶᠢᠨ ᠬᠠᠷᠢᠭᠤᠴᠠᠯᠭᠠᠲᠠᠨ ᠳᠤ ᠬᠤᠣᠷᠲᠤ ᠡᠳ᠋ ᠢ ᠴᠠᠭᠠᠵᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠵᠤ᠂ ᠲᠡᠳᠡᠨ ᠢ ᠬᠤᠣᠷᠲᠤ ᠡᠳ᠋ ᠢ ᠲᠠᠲᠠᠬᠤ ᠪᠠ ᠬᠤᠣᠷᠲᠤ ᠡᠳ᠋ ᠦᠢᠯᠡᠳᠴᠦ ᠫᠠᠨᠽᠠᠯᠠᠬᠤ ᠳᠤ ᠶᠠᠭᠠᠬᠢᠭᠰᠠᠨ ᠴᠤ ᠣᠷᠣᠯᠴᠠᠬᠤ ᠪᠣᠯᠬᠤ ᠦᠭᠡᠢ ᠭᠡᠵᠦ ᠰᠤᠷᠭᠠᠨ ᠬᠥᠮᠦᠵᠢᠭᠦᠯᠵᠦ᠂ ᠬᠤᠣᠷᠲᠤ ᠡᠳ᠋ ᠦᠢᠯᠡᠳᠬᠦ᠂ ᠬᠤᠣᠷᠲᠤ ᠡᠳ᠋ ᠫᠠᠨᠽᠠᠯᠠᠬᠤ ᠳᠤ ᠲᠠᠯᠠᠪᠤᠷ ᠭᠠᠵᠠᠷ ᠬᠠᠩᠭᠠᠨ ᠤᠯᠠᠨ ᠲᠦᠮᠡᠨ ᠤ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠪᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ