ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠬᠠᠪᠰᠤᠷᠤᠭᠴᠢ ᠠᠵᠢᠯᠲᠠᠨ ᠤ ᠳᠦᠷᠢᠮ︾ ᠢ ᠰᠤᠷᠤᠯᠴᠠᠪᠠ
ᠨᠡᠶᠢᠲᠡᠯᠡᠭᠰᠡᠨ ᠴᠠᠭ᠄
2022/7/21
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠲᠦᠷᠢᠮ︾ ᠢ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠴᠠᠭᠳᠠᠭᠠᠨ ᠤ ᠶᠠᠪᠤᠳᠠᠯ ᠤᠨ ᠬᠠᠪᠰᠤᠷᠤᠭᠴᠢ ᠠᠵᠢᠯᠲᠠᠨ ᠤ ᠡᠩᠨᠡᠭᠡ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠠᠬᠢᠭᠤᠯᠬᠤ ᠶᠢᠨ ᠵᠠᠩᠭᠢᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠᠶᠢᠵᠤ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠡᠩᠨᠡᠭᠡ ᠶᠢᠨ ᠬᠠᠤᠯᠢ ᠪᠠᠷ ᠵᠠᠰᠠᠬᠤ᠂ ᠵᠢᠩᠬᠢᠨᠢᠴᠢᠯᠡᠬᠦ᠂ ᠠᠵᠢᠯ ᠮᠡᠷᠭᠡᠵᠢᠭᠦᠯᠬᠦ ᠪᠠᠶᠢᠭᠤᠯᠤᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 74b05bf70b05759d1d48d69a2426211.jpg 
      ᠣᠶᠢᠷ᠎ᠠ ᠶᠢᠨ ᠬᠤᠭᠤᠴᠠᠭᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠲᠥᠷᠥ ᠶᠢᠨ ᠪᠣᠯᠪᠠᠰᠤᠷᠠᠯ ᠳᠤ ᠲᠦᠰᠢᠭᠯᠡᠨ᠂ ᠪᠥᠬᠦ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠬᠠᠪᠰᠤᠷᠤᠭᠴᠢ ᠠᠵᠢᠯᠲᠠᠨ ᠤ ᠲᠦᠷᠢᠮ︾ ᠢ ᠪᠥᠬᠦ ᠠᠭᠤᠯᠭ᠎ᠠ ᠪᠠᠷ ᠨᠢ ᠰᠤᠷᠤᠯᠴᠠᠭᠤᠯᠬᠤ ᠶᠢᠨ ᠬᠠᠮᠲᠤ ᠬᠠᠤᠯᠢ ᠲᠣᠭᠲᠠᠭᠠᠬᠤ ᠵᠣᠷᠢᠯᠭ᠎ᠠ ᠵᠢᠴᠢ ᠬᠠᠪᠰᠤᠷᠤᠭᠴᠢ ᠴᠠᠭᠳᠠᠭ᠎ᠠ ᠶᠢᠨ ᠡᠭᠦᠷᠭᠡᠯᠡᠪᠡᠰᠦ ᠵᠣᠬᠢᠬᠤ ᠠᠵᠢᠯ ᠤᠨ ᠡᠭᠦᠷᠭᠡ ᠬᠠᠷᠢᠭᠤᠴᠠᠯᠭ᠎ᠠ᠂ ᠡᠳ᠋ᠯᠡᠬᠦ ᠡᠷᠬᠡ ᠠᠰᠢᠭ ᠤᠨ ᠪᠠᠲᠤᠯᠠᠭ᠎ᠠ᠂ ᠭᠦᠢᠴᠡᠳᠭᠡᠬᠦ ᠴᠢᠬᠤᠯᠠᠲᠠᠶ ᠡᠭᠦᠷᠭᠡ ᠵᠡᠷᠭᠡ ᠲᠠᠯ᠎ᠠ ᠳᠤ ᠴᠢᠭᠯᠡᠭᠦᠯᠦᠨ ᠭᠦᠨᠵᠡᠭᠡᠶ ᠲᠠᠶᠢᠯᠤᠮᠵᠢ ᠬᠢᠵᠦ᠂ ᠬᠠᠪᠰᠤᠷᠤᠭᠴᠢ ᠴᠠᠭᠳᠠᠭ᠎ᠠ ᠶᠢᠨ ︽ᠲᠦᠷᠢᠮ︾ ᠤᠨ ᠠᠭᠤᠯᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ ᠡᠳᠦᠷ ᠲᠤᠲᠤᠮ ᠤᠨ ᠠᠵᠢᠯ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠡᠭᠦᠨ ᠤ ᠵᠡᠷᠭᠡᠪᠡᠷ ᠴᠠᠭᠳᠠᠭᠠᠨ ᠤ ᠶᠠᠪᠤᠳᠠᠯ ᠤᠨ ᠬᠠᠪᠰᠤᠷᠤᠭᠴᠢ ᠳᠤ ᠰᠢᠢᠳᠭᠡᠯ ᠥᠭᠬᠦ ᠲᠤᠬᠠᠶ ᠲᠦᠷ ᠬᠡᠷᠡᠭᠵᠢᠭᠦᠯᠬᠦ ᠠᠷᠭ᠎ᠠ ᠪᠠ ᠰᠢᠯᠵᠢᠭᠦᠯᠦᠯᠲᠡ ᠶᠢᠨ ᠲᠤᠬᠠᠶ ᠲᠦᠷ ᠬᠡᠷᠡᠭᠵᠢᠭᠦᠯᠬᠦ ᠠᠷᠭ᠎ᠠ ᠶᠢᠨ ᠰᠤᠷᠤᠯᠴᠠᠯᠭ᠎ᠠ ᠶᠢ ᠥᠷᠨᠢᠭᠦᠯᠪᠡ᠃
ffd35075488cd6cad618753a2d92cd5.jpg  
      ᠰᠤᠷᠤᠯᠴᠠᠯᠭ᠎ᠠ ᠪᠠᠷ ᠳᠡᠮᠵᠢᠨ᠂ ᠪᠥᠬᠦ ᠬᠠᠪᠰᠤᠷᠤᠭᠴᠢ ᠴᠠᠭᠳᠠᠭ᠎ᠠ ᠨᠠᠷ ︽ᠲᠦᠷᠢᠮ︾ ᠤᠨ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠰᠡᠳᠬᠢᠯ ᠳᠤ ᠪᠠᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠤ ᠪᠠᠨ ᠬᠠᠳᠠᠩᠰᠢᠭᠤᠯᠬᠤ ᠪᠠᠷ ᠴᠢᠷᠮᠠᠶᠢᠨ᠎ᠠ ᠭᠡᠵᠦ ᠢᠯᠡᠷᠬᠡᠶᠢᠯᠡᠵᠡᠶ᠃ ᠬᠤᠶᠢᠰᠢᠳᠠ ᠰᠢᠨ᠎ᠡ ᠴᠠᠭ ᠦᠶ᠎ᠡ ᠶᠢᠨ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠪᠡᠶ᠎ᠡ ᠬᠡᠮ ᠪᠣᠯᠤᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠤᠬᠠᠶᠢᠯᠠᠭᠰᠠᠨ ᠠᠵᠢᠯ ᠳᠤ ᠪᠠᠨ ᠣᠷᠣᠯᠴᠠᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠬᠠᠤᠯᠢᠵᠢᠯ ᠤᠨ ᠤᠯᠤᠰ ᠢ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ