ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠤᠯᠠᠭᠠᠨ ᠬᠥᠬᠡ︾ ᠶᠢᠨ ᠡᠰᠡᠷᠭᠦᠴᠡᠯᠳᠦᠯ ᠤᠨ ᠪᠣᠳᠠᠲᠤ ᠪᠠᠢᠯᠳᠤᠭᠠᠨ ᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/7/21
      ᠤᠷᠴᠢᠮ ᠤᠨ ᠡᠳᠦᠷ᠂ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠤᠬᠠᠮᠰᠠᠷ᠂ ᠳᠦᠷᠢᠮᠵᠢᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠠᠷᠠᠳ ᠤᠨ ᠴᠠᠭᠳᠠᠭ᠎ᠠ ᠶᠢᠨ ᠲᠦᠷᠭᠡᠨ ᠲᠤᠰᠬᠠᠯ᠂ ᠵᠣᠬᠢᠴᠠᠭᠤᠯᠤᠨ ᠬᠠᠮᠵᠢᠯᠴᠠᠬᠤ᠂ ᠥᠪᠡᠷ ᠢ ᠪᠠᠨ ᠬᠠᠮᠠᠭᠠᠯᠠᠬᠤ ᠪᠠ ᠪᠠᠴᠢᠮ ᠪᠠᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠡᠯ᠎ᠡ ᠴᠠᠭᠳᠠᠭ᠎ᠠ ᠶᠢᠨ ᠲᠥᠷᠥᠯ ᠤᠨ ᠲᠤᠰᠬᠠᠢ ᠮᠡᠷᠭᠡᠵᠢᠯ ᠤᠨ ᠲᠦᠪᠰᠢᠨ ᠪᠣᠯᠤᠨ ᠶᠡᠷᠦᠩᠬᠡᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠯᠠᠭᠠᠨ ᠬᠥᠬᠡ ᠶᠢᠨ ᠡᠰᠡᠷᠭᠦᠴᠡᠯᠳᠦᠯ︾ ᠤᠨ ᠪᠣᠳᠠᠲᠤ ᠪᠠᠢᠯᠳᠤᠭᠠᠨ ᠤ ᠰᠣᠷᠢᠯᠲᠠ ᠬᠢᠪᠡ᠃
微信图片_20220620221226.jpg  
      ᠰᠣᠷᠢᠯᠲᠠ ᠳᠠᠭᠤᠰᠤᠭᠰᠠᠨ ᠤ ᠳᠠᠷᠠᠭ᠎ᠠ᠂ ︽ᠬᠥᠬᠡ ᠴᠡᠷᠢᠭ︾ ᠤᠨ ᠰᠤᠷᠭᠠᠭᠴᠢ ᠰᠣᠷᠢᠯᠲᠠ ᠳᠤ ᠣᠷᠣᠯᠴᠠᠭᠰᠠᠨ ᠨᠢᠭᠡᠴᠡ ᠶᠢᠨ ᠢᠯᠡᠷᠡᠭᠦᠯᠦᠭᠰᠡᠨ ᠬᠠᠪᠲᠠᠰᠤᠨ ᠠᠰᠠᠭᠤᠳᠠᠯ ᠳᠤ ᠲᠤᠬᠠᠢ ᠶᠢᠨ ᠲᠠᠯᠠᠪᠠᠢ ᠶᠢᠨ ᠦᠨᠡᠯᠡᠯᠲᠡ ᠬᠢᠵᠦ᠂ ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠶᠢ ᠲᠣᠳᠣᠷᠬᠠᠢ ᠵᠢᠭᠠᠨ ᠭᠠᠷᠭᠠᠵᠤ᠂ ᠡᠯ᠎ᠡ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠤᠨ ᠬᠢᠨ ᠵᠦᠢᠴᠢᠯᠡᠨ ᠨᠥᠭᠦᠭᠡ ᠶᠢ ᠮᠡᠳᠡᠵᠦ᠂ ᠪᠠᠢᠯᠳᠤᠬᠤ ᠠᠷᠭ᠎ᠠ ᠶᠢᠨ ᠤᠷ᠎ᠠ ᠴᠢᠳᠠᠪᠤᠷᠢ ᠶᠢ ᠪᠣᠳᠠᠲᠤ ᠲᠡᠢᠨ ᠤ ᠵᠢᠱᠢᠶ᠎ᠡ ᠳᠤ ᠬᠡᠷᠡᠭᠯᠡᠬᠦ ᠶᠢ ᠱᠠᠭᠠᠷᠳᠠᠵᠤ᠂ ᠨᠠᠮ ᠤᠨ ᠬᠤᠷᠢᠳᠤᠭᠠᠷ ᠤᠳᠠᠭ᠎ᠠ ᠶᠢᠨ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠪᠣᠳᠠᠲᠤ ᠲᠠᠶᠢᠨ ᠤ ᠳᠤᠮᠳᠠ ᠲᠠᠲᠠᠵᠤ ᠴᠢᠳᠠᠬᠤ᠂ ᠳᠠᠭᠠᠷᠢᠨ ᠭᠠᠷᠬᠤ᠂ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ