ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠰᠠᠯᠪᠤᠷᠢ ᠠᠩᠭᠢ ᠢᠳᠡᠪᠬᠢᠲᠡᠢ ᠪᠠᠷ ᠮᠠᠨ ᠤ ᠬᠤᠲᠠ ᠶᠢᠨ ᠪᠥᠬᠦ ᠠᠷᠠᠳ ᠤᠨ ᠬᠤᠣᠷ ᠴᠠᠭᠠᠵᠠᠯᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠬᠥᠰᠢᠭᠡ ᠶᠢ ᠨᠡᠭᠡᠭᠡᠪᠡ
ᠨᠡᠶᠢᠲᠡᠯᠡᠭᠰᠡᠨ ᠴᠠᠭ᠄
2022/7/4
      ᠪᠦᠬᠦ ᠤᠯᠤᠰ ᠤᠨ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠲᠠᠰᠢᠷᠠᠮ ᠳᠤ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ︽ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠲᠠᠢ ᠤᠶᠠᠯᠳᠤᠭᠤᠯᠤᠨ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷᠲᠤ ᠡᠳ᠋ ᠢ ᠴᠠᠭᠠᠵᠠᠯᠠᠬᠤ ᠰᠠᠯᠪᠤᠷᠢ ᠠᠩᠭᠢ ᠬᠠᠢ ᠳ᠋ᠠ ᠲᠣᠮᠢᠯᠠᠭᠰᠠᠨ ᠰᠠᠯᠪᠤᠷᠢ᠂ ᠬᠤ᠋ ᠳ᠋ᠦᠩ ᠨᠡᠶᠢᠭᠡᠮ ᠲᠣᠭᠤᠷᠢᠭ ᠲᠠᠢ ᠬᠠᠮᠲᠤᠷᠠᠨ ᠠᠷᠠᠳ ᠤᠨ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠢ ᠵᠣᠬᠢᠶᠠᠨ ᠪᠠᠶᠢᠭᠤᠯᠵᠤ᠂ ︽ᠪᠥᠬᠦ ᠠᠷᠠᠳ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃
2.jpg
      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠬᠤᠣᠷᠲᠤ ᠡᠳ᠋ ᠢ ᠴᠠᠭᠠᠵᠠᠯᠠᠬᠤ ᠠᠷᠠᠳ ᠤᠨ ᠴᠠᠭᠳᠠᠭ᠎ᠠ ᠬᠤᠣᠷᠲᠤ ᠡᠳ᠋ ᠤᠨ ᠲᠥᠷᠥᠯ ᠵᠦᠢᠯ᠂ ᠬᠤᠣᠷᠲᠤ ᠡᠳ᠋ ᠤᠨ ᠬᠡᠷᠡᠭ ᠤᠨ ᠲᠣᠭᠤᠷᠢᠨ ᠳᠤ ᠰᠠᠭᠤᠭᠠᠯᠢ ᠠᠷᠠᠳ ᠲᠤ ᠠᠳᠠᠯᠢ ᠪᠤᠰᠤ ᠬᠤᠣᠷᠲᠤ ᠡᠳ᠋ ᠤᠨ ᠭᠡᠷ ᠪᠦᠯᠢ᠂ ᠬᠤᠪᠢ ᠬᠥᠮᠥᠨ ᠳᠤ ᠤᠴᠠᠷᠠᠭᠤᠯᠬᠤ ᠬᠤᠣᠷ ᠬᠥᠨᠥᠭᠡᠯ ᠵᠢᠴᠢ ᠬᠤᠣᠷᠲᠤ ᠡᠳ᠋ ᠢ ᠬᠡᠷᠬᠢᠨ ᠢᠯᠭᠠᠨ ᠲᠠᠨᠢᠬᠤ᠂ ᠬᠤᠣᠷᠲᠤ ᠡᠳ᠋ ᠢ ᠬᠡᠷᠬᠢᠨ ᠰᠡᠷᠭᠡᠶᠢᠯᠡᠬᠦ ᠲᠤᠬᠠᠢ ᠮᠡᠳᠡᠯᠭᠡ ᠶᠢ ᠨᠠᠷᠢᠨ ᠲᠠᠨᠢᠯᠴᠠᠭᠤᠯᠪᠠ᠃ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠤᠶᠠᠯᠳᠤᠭᠤᠯᠤᠨ᠂ ᠲᠤᠰᠬᠠᠶᠢᠯᠠᠨ ᠬᠡᠦᠬᠡᠳ ᠲᠤ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠤᠨ ᠰᠣᠨᠢᠷᠬᠠᠯ ᠢ ᠥᠷᠭᠡᠨ ᠢᠶᠠᠷ ᠲᠠᠲᠠᠪᠠ᠃ ᠠᠷᠠᠳ ᠤᠨ ᠴᠠᠭᠳᠠᠭ᠎ᠠ ᠶᠢᠨ ᠨᠠᠷᠢᠨ ᠲᠠᠶᠢᠯᠪᠤᠷᠢᠯᠠᠯᠲᠠ ᠪᠠᠷ ᠳᠠᠮᠵᠢᠭᠤᠯᠤᠨ ᠬᠤᠣᠷᠲᠤ ᠡᠳ᠋ ᠤᠨ ᠬᠤᠣᠷ ᠬᠥᠨᠥᠭᠡᠯ ᠪᠠ ᠬᠤᠣᠷ ᠲᠠᠲᠠᠬᠤ᠂ ᠬᠤᠣᠷ ᠫᠠᠨᠽᠠᠯᠠᠬᠤ ᠳᠤ ᠡᠭᠦᠷᠭᠡᠯᠡᠬᠦ ᠬᠠᠤᠯᠢ ᠶᠢᠨ ᠬᠠᠷᠢᠭᠤᠴᠠᠯᠭ᠎ᠠ ᠶᠢ ᠣᠯᠠᠨ ᠳᠤ ᠭᠦᠢᠴᠡᠳ ᠣᠶᠢᠯᠠᠭᠠᠭᠤᠯᠤᠨ᠎ᠠ᠃ ᠡᠭᠦᠨ ᠤ ᠵᠡᠷᠭᠡ ᠳᠤ᠂ ᠬᠤᠣᠷᠲᠤ ᠡᠳ᠋ ᠢ ᠴᠠᠭᠠᠵᠠᠯᠠᠬᠤ ᠲᠤᠰᠬᠠᠢ ᠠᠵᠢᠯᠲᠠᠨ ᠪᠠᠰᠠ ᠲᠤᠬᠠᠢ ᠶᠢᠨ ᠲᠠᠯᠠᠪᠤᠷ ᠤᠨ ᠬᠥᠮᠥᠰ ᠲᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠤᠨ ᠬᠤᠣᠷᠲᠤ ᠡᠳ᠋ ᠪᠠ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠲᠤᠬᠠᠢ ᠣᠶᠢᠯᠠᠭᠠᠯᠲᠠ ᠶᠢ ᠳᠡᠭᠡᠭᠰᠢᠯᠡᠭᠦᠯᠦᠨ᠂ ᠠᠮᠢ ᠨᠠᠰᠤᠨ ᠳᠤ ᠪᠠᠨ ᠲᠠᠯᠠᠷᠬᠠᠬᠤ᠂ ᠡᠷᠡᠭᠦᠯ ᠮᠡᠨᠳᠦ ᠠᠮᠢᠳᠤᠷᠠᠬᠤ᠂ ᠬᠤᠣᠷ ᠬᠥᠨᠥᠭᠡᠯ ᠠᠴᠠ ᠵᠠᠶᠢᠯᠠᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃
8.jpg
      ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢ ᠲᠦᠮᠡᠨ ᠡᠷᠦᠬᠡ ᠳᠤ ᠬᠦᠷᠭᠡᠬᠦ ᠠᠵᠢᠯᠯᠠᠭ᠎ᠠ ᠲᠠᠢ ᠤᠶᠠᠯᠳᠤᠭᠤᠯᠤᠨ᠂ ᠬᠤᠲᠠ ᠶᠢᠨ ᠲᠣᠪᠴᠢᠶ᠎ᠠ ᠶᠢᠨ ᠬᠤᠣᠷᠲᠤ ᠡᠳ᠋ ᠢ ᠴᠠᠭᠠᠵᠠᠯᠠᠬᠤ ᠠᠷᠠᠳ ᠤᠨ ᠴᠠᠭᠳᠠᠭ᠎ᠠ ᠪᠣᠯᠣᠨ ᠨᠡᠶᠢᠭᠡᠮ ᠲᠣᠭᠤᠷᠢᠭ ᠤᠨ ᠠᠵᠢᠯᠲᠠᠨ ᠬᠠᠷᠢᠶᠠᠲᠤ ᠣᠷᠣᠨ ᠤ ᠣᠯᠠᠨ ᠲᠦᠮᠡᠨ ᠳᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠬᠤᠣᠷᠲᠤ ᠡᠳ᠋ ᠤᠨ ᠲᠤᠬᠠᠢ ᠦᠨᠳᠦᠰᠦᠨ ᠮᠡᠳᠡᠯᠭᠡ᠂ ᠬᠤᠣᠷ ᠬᠥᠨᠥᠭᠡᠯ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠣᠯᠠᠨ ᠲᠦᠮᠡᠨ ᠳᠤ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠤᠣᠷᠲᠤ ᠡᠳ᠋ ᠠᠴᠠ ᠬᠤᠯᠠ ᠵᠠᠶᠢᠳᠠᠵᠤ᠂ ᠬᠤᠣᠷᠲᠤ ᠡᠳ᠋ ᠢ ᠭᠡᠷ ᠪᠦᠯᠢ ᠳᠤ ᠪᠠᠨ ᠦᠯᠦ ᠣᠷᠣᠭᠤᠯᠬᠤ ᠶᠢ ᠰᠡᠷᠡᠮᠵᠢᠯᠡᠭᠦᠯᠵᠡᠢ᠃      ᠲᠣᠰ ᠤᠳᠠᠭᠠᠨ ᠤ ︽ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢ ᠲᠦᠮᠡᠨ ᠡᠷᠦᠬᠡ ᠳᠤ ᠬᠦᠷᠭᠡᠬᠦ︾ ᠰᠢᠷᠢᠰ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠢ ᠥᠷᠨᠢᠭᠦᠯᠵᠦ᠂ ᠪᠠᠶᠠᠷ ᠤᠨ ᠡᠳᠦᠷ ᠢ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠲᠠᠢ ᠤᠶᠠᠯᠳᠤᠭᠤᠯᠤᠨ᠂ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠰᠠᠭᠤᠭᠠᠯᠢ ᠠᠷᠠᠳ ᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠡᠳ᠋ᠯᠡᠭᠦᠯᠬᠦ ᠶᠢᠨ ᠬᠠᠮᠲᠤ ᠪᠠᠰᠠ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢ ᠡᠵᠡᠮᠰᠢᠭᠦᠯᠵᠦ᠂ ᠣᠯᠠᠨ ᠲᠦᠮᠡᠨ ᠤ ᠬᠤᠣᠷᠲᠤ ᠡᠳ᠋ ᠠᠴᠠ ᠬᠤᠯᠠᠳᠠᠬᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠴᠢᠩᠭᠠᠷᠠᠭᠤᠯᠤᠨ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ᠂ ᠭᠡᠷ ᠪᠦᠯᠢ ᠳᠤ ᠣᠷᠣᠭᠤᠯᠬᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ