ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2022/7/4
      6 ᠳ᠋ᠤᠭᠠᠷ ᠰᠠᠷ᠎ᠠ ᠶᠢᠨ 29 ᠤ ᠡᠳᠦᠷ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠳᠠᠶᠢᠴᠢᠯᠠᠨ ᠪᠠᠶᠢᠷᠢᠯᠠᠭᠤᠯᠬᠤ ᠬᠤᠷᠠᠯ ᠵᠢᠴᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠵᠠᠭᠤᠨ ᠡᠳᠦᠷ ᠤᠨ ᠠᠵᠢᠯᠯᠠᠭ᠎ᠠ︾ ᠶᠢ ᠰᠠᠶᠢᠲᠤᠷ ᠬᠢᠬᠦ ᠲᠤᠬᠠᠶ ᠳᠠᠬᠢᠨ ᠴᠢᠬᠤᠯᠠᠴᠢᠯᠠᠵᠤ ᠳᠠᠬᠢᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠰᠢᠨ ᠱᠤ᠋ ᠭᠤᠸᠠᠩ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠷ ᠲᠤ ᠪᠠᠨ ᠪᠠᠶᠢᠭ᠎ᠠ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠲᠣᠪᠴᠢᠶᠠᠨ ᠤ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠲᠠ ᠶᠢᠨ ᠲᠣᠪᠴᠢᠶ᠎ᠠ ᠶᠢᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ︔ ᠡᠯ᠎ᠡ ᠬᠤᠰᠢᠭᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠤᠳ ᠬᠠᠷᠢᠶ᠎ᠠ ᠬᠤᠪᠢᠶᠠᠷᠢ ᠲᠣᠪᠴᠢᠶ᠎ᠠ ᠶᠢᠨ ᠪᠠᠭ ᠤᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
1.jpg
      ᠬᠤᠷᠠᠯ ᠠᠴᠠ ︽ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︿ᠵᠠᠭᠤᠨ ᠡᠳᠦᠷ ᠤᠨ ᠠᠵᠢᠯᠯᠠᠭ᠎ᠠ ᠶᠢᠨ ᠲᠥᠰᠦᠯ﹀︾ ᠢ ᠤᠩᠰᠢᠨ ᠨᠡᠶᠢᠲᠡᠯᠡᠭᠰᠡᠨ ᠪᠥᠭᠡᠳ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠴᠢᠨᠠᠭᠰᠢᠳᠠ ᠬᠠᠮᠠᠭᠠᠯᠠᠬᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠭᠤᠣᠯᠳᠠᠯᠭ᠎ᠠ ᠲᠠᠢ ᠠᠵᠢᠯ ᠳᠤ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠤᠯᠤᠰ ᠲᠦᠷᠦ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠪᠣᠯ ᠣᠳᠣᠬᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠵᠣᠬᠢᠶᠠᠨ ᠪᠠᠶᠢᠭᠤᠯᠤᠯᠲᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ᠂ ᠬᠠᠮᠤᠭ ᠤᠨ ᠰᠠᠶᠢᠨ ᠪᠠᠶᠢᠳᠠᠯ ᠢ ᠦᠷᠭᠦᠯᠵᠢᠯᠡᠨ ᠪᠠᠲᠤᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠣᠯᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
2.jpg
      ᠬᠤᠷᠠᠯ ᠠᠴᠠ᠂ ᠠᠵᠢᠯ ᠤᠨ ᠭᠤᠣᠯᠳᠠᠯᠭ᠎ᠠ ᠶᠢ ᠡᠵᠡᠮᠳᠡᠵᠦ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠠᠬᠢᠭᠤᠯᠵᠤ᠂ ᠪᠦᠬᠦ ᠬᠤᠳᠠ ᠶᠢᠨ ᠤᠯᠤᠰ ᠲᠦᠷᠦ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠦᠷᠭᠦᠯᠵᠢᠯᠡᠨ ᠬᠠᠮᠠᠭᠠᠯᠠᠬᠤ ᠬᠡᠷᠡᠭᠲᠡᠢ᠃ ᠤᠯᠤᠰ ᠲᠦᠷᠦ ᠶᠢᠨ ᠠᠮᠤᠷ ᠲᠦᠪᠰᠢᠨ ᠢ ᠳᠤᠪᠤᠶᠢᠯᠭᠠᠨ ᠰᠠᠶᠢᠲᠤᠷ ᠠᠳᠬᠤᠬᠤ᠂ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠶᠢ ᠳᠤᠪᠤᠶᠢᠯᠭᠠᠨ ᠰᠠᠶᠢᠲᠤᠷ ᠠᠳᠬᠤᠬᠤ᠂ ᠠᠮᠤᠷ ᠢ ᠬᠠᠮᠠᠭᠠᠯᠠᠬᠤ ᠴᠡᠭᠴᠡᠯᠡᠨ ᠵᠠᠰᠠᠯᠲᠠ ᠶᠢ ᠳᠤᠪᠤᠶᠢᠯᠭᠠᠨ ᠰᠠᠶᠢᠲᠤᠷ ᠠᠳᠬᠤᠬᠤ᠂ ᠤᠯᠠᠨ ᠨᠡᠶᠢᠲᠡ ᠶᠢᠨ ᠠᠮᠤᠷ ᠲᠦᠪᠰᠢᠨ ᠤ ᠳᠦᠷᠪᠡᠨ ᠭᠤᠣᠯᠳᠠᠯᠭ᠎ᠠ ᠲᠠᠢ ᠠᠵᠢᠯ ᠢ ᠳᠤᠪᠤᠶᠢᠯᠭᠠᠨ ᠰᠠᠶᠢᠲᠤᠷ ᠠᠳᠬᠤᠬᠤ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠡᠷᠡᠰ ᠰᠢᠭᠤᠷᠬᠠᠢ ᠣᠪᠣᠷ᠂ ᠬᠦᠴᠦᠲᠡᠢ ᠠᠷᠭ᠎ᠠ ᠬᠡᠮᠵᠢᠶ᠎ᠡ᠂ ᠯᠠᠪᠳᠠᠭᠤᠨ ᠪᠠᠲᠤᠲᠠᠢ ᠰᠤᠷᠲᠠᠯ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ︔ ᠠᠮᠤᠷ ᠲᠦᠪᠰᠢᠨ ᠤ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ︽ᠵᠠᠭᠤᠨ ᠡᠳᠦᠷ ᠤᠨ ᠠᠵᠢᠯᠯᠠᠭ᠎ᠠ︾ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ  ᠶᠢ  ᠡᠷᠡᠰ  ᠪᠠᠲᠤᠯᠠᠬᠤ  ᠬᠡᠷᠡᠭᠲᠡᠢ  ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 6 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ᠂ ᠪᠦᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠤᠨ ᠤ ᠤᠯᠠᠷᠢᠯ ᠤᠨ ᠠᠮᠤᠷ ᠢ ᠤᠷᠢᠳᠴᠢᠯᠠᠨ ᠲᠥᠯᠥᠪᠯᠡᠵᠦ᠂ ᠤᠷᠢᠳᠴᠢᠯᠠᠨ ᠵᠣᠬᠢᠶᠠᠨ ᠪᠠᠶᠢᠭᠤᠯᠵᠤ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠦᠨᠡᠨᠴᠢ ᠪᠠᠷ ᠠᠮᠤᠷ ᠠᠮᠤᠭᠤᠯᠠᠩ ᠢ ᠬᠠᠮᠠᠭᠠᠯᠠᠶ᠎ᠠ︾ ᠭᠡᠬᠦ ᠭᠤᠣᠯ ᠰᠡᠳᠦᠪ ᠭᠤᠣᠯ ᠱᠤᠭᠤᠮ ᠤᠨ ᠲᠣᠭᠤᠷᠢᠨ ᠳᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠦᠷᠭᠡᠨ ᠲᠤᠰᠬᠠᠯ ᠭᠠᠷᠭᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠤᠯᠠᠨ ᠲᠦᠮᠡᠨ ᠳᠤ ᠦᠢᠯᠡᠴᠢᠯᠡᠬᠦ  ᠴᠢᠳᠠᠪᠤᠷᠢ  ᠶᠢ  ᠪᠦᠬᠦ  ᠲᠠᠯ᠎ᠠ  ᠪᠠᠷ ᠳᠡᠭᠡᠭᠰᠢᠯᠡᠭᠦᠯᠵᠦ᠂ ᠰᠡᠷᠡᠮᠵᠢᠯᠡᠬᠦ ᠨᠤᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ︽ᠠᠷᠪᠠ ᠰᠡᠷᠭᠡᠶᠢᠯᠡᠭᠡᠳ ᠶᠢᠰᠦ ᠨᠢ ᠬᠤᠭᠤᠰᠤᠨ ᠪᠣᠯᠪᠠᠴᠤ᠂ ᠲᠦᠮᠡᠨ ᠤ ᠨᠢᠭᠡ ᠠᠯᠳᠠᠵᠤ ᠭᠠᠷᠭᠠᠬᠤ ᠦᠭᠡᠢ︾ ᠭᠡᠬᠦ ᠠᠵᠢᠯ ᠤᠨ ᠣᠶᠢᠯᠠᠭᠠᠭᠳᠠᠬᠤᠨ ᠪᠠ ᠨᠢᠭᠡ ᠬᠤᠪᠢ ᠶᠢᠨ ᠪᠠᠶᠢᠷᠢᠯᠠᠭᠤᠯᠤᠯᠲᠠ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠶᠢᠨ ᠠᠵᠢᠯ ᠤᠨ ᠣᠪᠣᠷ ᠢᠶᠠᠷ ᠨᠡᠶᠢᠭᠡᠮ ᠤᠨ ᠤᠯᠤᠰ ᠲᠥᠷᠥ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠶ᠎ᠠ᠃ 
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ