6 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ︽ᠬᠤᠶᠠᠷ | ᠠᠩᠭᠢ ᠨᠢᠭᠡ ᠲᠠᠰᠤᠭ︾ ᠤᠨ ᠥᠭᠡᠷᠡᠴᠢᠯᠡᠯᠲᠡ ᠵᠢᠴᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠦᠨ ᠳᠠᠭᠠᠭᠤᠯᠬᠤ | ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠬᠠᠶᠢᠯᠠᠷ ᠲᠣᠭᠤᠷᠢᠭ ᠲᠤ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢ · ᠳᠠᠯᠢᠨᠲᠠᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ | ᠬᠠᠮᠠᠭᠠᠯᠠᠬᠤ ᠶᠡᠷᠦᠩᠬᠡᠶ ᠠᠩᠭᠢ ᠶᠢᠨ ᠬᠠᠷᠢᠭᠤᠴᠠᠯᠭᠠᠲᠠᠨ ᠶᠠᠩ ᠢ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠨᠠᠮ ᠤᠨ ᠬᠤᠷᠢᠶ᠎ᠠ ᠶᠢᠨ ᠱᠦᠵᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠰᠢᠨ ᠱᠤ᠋ ᠭᠤᠸᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠠᠶᠢᠯᠠᠷ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠩ ᠵᠢᠶᠧ ᠶᠠᠷᠢᠶ᠎ᠠ ᠲᠠᠯᠪᠢᠪᠠ᠃ ᠡᠯ᠎ᠡ ᠬᠤᠰᠢᠭᠤ ᠬᠤᠲᠠ ᠲᠣᠭᠤᠷᠢᠭ ᠤᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠢᠴᠢ ᠬᠤᠲᠠ ᠶᠢᠨ ᠰᠢᠭᠤᠳ ᠬᠠᠷᠢᠶ᠎ᠠ ᠡᠭᠦᠳᠦᠨ ᠪᠠᠶᠢᠭᠤᠯᠬᠤ | ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠵᠡᠷᠭᠡ ᠨᠡᠶᠢᠲᠡ 160 ᠭᠠᠷᠤᠶ ᠬᠥᠮᠦᠨ ᠬᠤᠷᠠᠯ ᠳᠤ ᠣᠷᠣᠯᠴᠠᠵᠠᠶ᠃ ᠬᠤᠷᠠᠯ ᠢ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠶᠢᠩᠭᠤ ᠶᠢᠨ ᠳᠡᠳ᠋ ᠲᠣᠪᠴᠢᠶᠠᠨ ᠳᠠᠷᠤᠭ᠎ᠠ ᠨᠢ ᠷᠦᠩ ᠭᠤᠸᠠᠩ ᠡᠷᠬᠢᠯᠡᠪᠡ᠃ | | | | | | ᠲᠣᠰ ᠤᠳᠠᠭᠠᠨ ᠤ ᠲᠤᠬᠠᠶ ᠶᠢᠨ ᠲᠠᠯᠠᠪᠤᠷ ᠤᠨ ᠬᠤᠷᠠᠯ ᠨᠢ ︽ᠬᠤᠶᠠᠷ ᠠᠩᠭᠢ ᠨᠢᠭᠡ ᠥᠷᠥᠭᠡ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠭᠠᠷᠳᠠᠬᠤ ᠴᠡᠭ ᠪᠣᠯᠭᠠᠵᠤ᠂ ︽ᠲᠣᠣᠷᠴᠢᠯᠠᠯᠲᠠ ᠶᠢᠨ ᠬᠠᠮᠢᠶᠠᠷᠤᠯᠲᠠ︾ + ︽ᠨᠡᠶᠢᠭᠡᠮ ᠤᠨ ᠲᠣᠭᠤᠷᠢᠭ ᠴᠠᠭᠳᠠᠭ᠎ᠠ︾ ᠶᠢᠨ ᠠᠵᠢᠯ ᠤᠨ ᠵᠠᠭᠪᠤᠷ ᠢ ᠭᠦᠨᠵᠡᠭᠡᠶ | ᠠᠭᠤᠰᠤᠯᠴᠠᠭᠤᠯᠤᠨ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠥᠯᠥᠭᠡ ᠶᠤᠮ᠃ ᠲᠤᠬᠠᠢ ᠶᠢᠨ ᠲᠠᠯᠠᠪᠠᠢ ᠶᠢᠨ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠠᠶᠢᠯᠠᠷ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠧᠩ ᠶᠠᠩ ᠲᠣᠮᠢᠯᠠᠭᠰᠠᠨ ᠰᠠᠯᠪᠤᠷᠢ᠂ ᠰᠢ ᠱᠠᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ | ᠲᠠᠰᠤᠭ᠂ ᠰᠢᠨ ᠴᠦᠨ ᠨᠡᠶᠢᠭᠡᠮ ᠲᠣᠭᠤᠷᠢᠭ᠂ ᠡᠸᠡᠩᠬᠢ ᠬᠤᠰᠢᠭᠤᠨ ᠤ ᠰᠠᠶᠢᠬᠠᠨ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠦᠨᠳᠦᠰᠦᠨ | ᠱᠠᠲᠤᠨ ᠤ ᠲᠣᠮᠢᠯᠠᠭᠰᠠᠨ ᠰᠠᠯᠪᠤᠷᠢ ᠶᠢᠨ ︽ᠬᠤᠶᠠᠷ ᠠᠩᠬᠢ ᠨᠢᠭᠡ ᠲᠠᠰᠤᠭ︾ ᠤᠨ ᠥᠭᠡᠷᠡᠴᠢᠯᠡᠯᠲᠡ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | | | | | ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠭᠰᠡᠨ ᠤ ᠳᠠᠷᠠᠭ᠎ᠠ᠂ ᠨᠡᠶᠢᠲᠡᠯᠢᠭ ᠲᠤᠷᠰᠢᠯᠭ᠎ᠠ ᠰᠣᠯᠢᠯᠴᠠᠬᠤ ᠬᠤᠷᠠᠯ ᠬᠢᠵᠡᠶ᠃ ᠬᠠᠶᠢᠯᠠᠷ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠠᠯᠠᠨ ᠠᠶᠢᠯ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠸᠡᠩᠬᠢ ᠬᠤᠰᠢᠭᠤᠨ ᠤ ᠰᠠᠶᠢᠬᠠᠨ ᠨᠡᠶᠢᠭᠡᠮ ᠲᠣᠭᠤᠷᠢᠭ ᠤᠨ ᠬᠢᠨ ᠲᠤᠰ ᠨᠢᠭᠡᠴᠢ ᠶᠢᠨ ᠢᠶᠠᠨ ᠣᠨᠴᠠᠭᠠᠢ ᠰᠠᠶᠢᠨ ᠬᠢᠭᠰᠡᠨ ᠠᠵᠢᠯ ᠤᠨ ᠲᠣᠭᠤᠷᠢᠨ ᠳᠤ | ᠲᠤᠰ ᠲᠤᠰ ᠶᠠᠷᠢᠶ᠎ᠠ ᠲᠠᠯᠪᠢᠵᠠᠢ︔ ᠬᠤᠷᠠᠯ ᠠᠴᠠ ᠪᠠᠰᠠ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ︽ᠬᠤᠶᠠᠷ ᠠᠩᠭᠢ ᠨᠢᠭᠡ | ᠲᠠᠰᠤᠭ︾ ᠤᠨ ᠥᠭᠡᠷᠡᠴᠢᠯᠡᠯᠲᠡ ᠪᠣᠯᠤᠨ ᠦᠨᠳᠦᠰᠦᠨ ᠱᠠᠲᠤᠨ ᠤ ᠰᠠᠭᠤᠷᠢ ᠠᠵᠢᠯ ᠤᠨ ᠪᠠᠶᠢᠳᠠᠯ ᠢ ᠮᠡᠳᠡᠭᠳᠡᠪᠡ᠃ | ᠬᠤᠷᠠᠯ ᠠᠴᠠ᠂ ᠤᠢᠢᠷ᠎ᠠ ᠶᠢᠨ ᠵᠢᠯ ᠠᠴᠠ᠂ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠰᠢᠨ᠎ᠡ ᠴᠠᠭ ᠦᠶ᠎ᠡ ᠶᠢᠨ ᠳᠣᠲᠣᠭᠠᠳᠤ ᠶᠢ | ᠬᠠᠮᠠᠭᠠᠯᠠᠬᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠬᠤᠶᠠᠷ ᠠᠩᠬᠢ ᠨᠢᠭᠡ ᠲᠠᠰᠤᠭ︾ ᠤᠨ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠥᠪᠡᠷᠮᠢᠴᠡ ᠣᠨᠴᠠᠯᠢᠭ ᠪᠠ ᠦᠷ᠎ᠡ ᠪᠦᠲᠦᠮᠵᠢ ᠲᠠᠢ ᠥᠭᠡᠷᠡᠴᠢᠯᠡᠯᠲᠡ ᠶᠢᠨ ᠣᠨᠴᠠᠭᠠᠢ ᠰᠠᠶᠢᠨ ᠬᠢᠭᠰᠡᠨ | ᠲᠠᠯ᠎ᠠ ᠶᠢ ᠪᠦᠷᠢᠯᠳᠦᠭᠦᠯᠵᠦ᠂ ᠤᠯᠠᠨ ᠲᠦᠮᠡᠨ ᠤ ᠲᠠᠶᠢᠪᠤᠩᠲᠤ ᠲᠦᠷᠦᠭᠳᠡᠯ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠵᠡᠢ᠃ ᠬᠤᠳᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ | ᠨᠠᠭᠠᠰᠢ᠂ ᠡᠯ᠎ᠡ ᠱᠠᠳᠤ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠳᠤᠯᠵᠤ᠂ ᠰᠡᠳᠬᠢᠴᠡ ᠪᠠᠨ ᠲᠡᠭᠦᠯᠳᠡᠷᠵᠢᠭᠦᠯᠵᠦ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠪᠦᠬᠦ ᠬᠤᠳᠠ ᠶᠢᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠢᠯᠡᠳᠲᠡ | ᠳᠡᠭᠡᠭᠰᠢᠯᠡᠭᠦᠯᠬᠦ ᠶᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠣᠯᠪᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠡᠷᠢᠭᠦᠨ ᠤ ᠬᠢ ᠠᠴᠠ ᠲᠠᠰᠤᠷᠠᠯᠲᠠ ᠦᠭᠡᠢ ᠰᠤᠷᠤᠯᠴᠠᠵᠤ᠂ ᠤᠯᠠᠮ ᠨᠢᠭᠡ ᠠᠯᠬᠤᠮ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ | ᠨᠥᠬᠦᠪᠥᠷᠢᠯᠡᠵᠦ᠂ ᠰᠢᠰᠲ᠋ᠧᠮ ᠲᠠᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠪᠦᠭᠦ ᠲᠠᠯ᠎ᠠ ᠪᠠᠷ ᠪᠠᠶᠢᠷᠢᠯᠠᠭᠤᠯᠵᠤ᠂ ᠬᠦᠴᠦᠨ ᠢᠶᠠᠨ ᠡᠮᠬᠢᠯᠡᠨ ᠨᠡᠶᠢᠯᠡᠭᠦᠯᠵᠦ᠂ ᠪᠦᠭᠦ | ᠲᠠᠯ᠎ᠠ ᠪᠠᠷ ᠠᠬᠢᠭᠤᠯᠬᠤ ᠬᠡᠷᠡᠭᠲᠡᠶ᠃ ᠰᠤᠷᠤᠯᠴᠠᠬᠤ ᠬᠤᠪᠢᠷᠠᠭᠤᠯᠬᠤ᠂ ᠳ᠋ᠦᠩᠨᠡᠨ ᠪᠣᠯᠪᠠᠰᠤᠷᠠᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠨᠡᠨ ᠬᠦ | ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ︽ᠲᠣᠣᠷᠴᠢᠯᠠᠯᠲᠠ ᠶᠢᠨ ᠬᠠᠮᠢᠶᠠᠷᠤᠯᠲᠠ + | ᠠᠷᠠᠳ ᠤᠨ ᠴᠠᠭᠳᠠᠭ᠎ᠠ + ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ + N︾ ᠡᠩ ᠤᠨ ᠪᠠ ᠪᠠᠴᠢᠮ ᠪᠠᠶᠢᠳᠠᠯ ᠢ ᠤᠶᠠᠯᠳᠤᠭᠤᠯᠤᠭᠰᠠᠨ ᠦᠨᠳᠦᠰᠦᠨ | ᠱᠠᠲᠤᠨ ᠤ ᠵᠠᠰᠠᠯᠲᠠ ᠶᠢᠨ ᠵᠠᠭᠪᠤᠷ ᠢ ᠲᠦᠷᠭᠡᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠷᠢᠳᠤᠭᠠᠷ ᠶᠡᠭᠡ ᠬᠤᠷᠠᠯ ᠠᠴᠠ ᠡᠮᠦᠨᠡᠬᠢ ᠠᠮᠤᠷ ᠢ ᠬᠠᠮᠠᠭᠠᠯᠠᠵᠤ ᠲᠣᠭᠲᠠᠭᠤᠨ ᠢ | ᠬᠠᠮᠠᠭᠠᠯᠠᠬᠤ ᠪᠠ ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠬᠢᠷᠢ | ᠲᠡᠩᠴᠡᠭᠰᠡᠨ ᠬᠤᠳᠠ ᠶᠢ ᠡᠭᠦᠳᠦᠨ ᠪᠠᠶᠢᠭᠤᠯᠬᠤ ᠪᠠᠶᠢᠴᠠᠭᠠᠯᠲᠠ ᠶᠢ ᠤᠭᠲᠤᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠬᠢᠵᠦ᠂ | ᠥᠩᠭᠡᠷᠡᠭᠰᠡᠨ ᠴᠠᠭ ᠡᠷᠭᠢᠯᠲᠡ ᠦᠭᠡᠢ᠂ ᠭᠠᠭᠴᠠ ᠬᠦ ᠥᠷᠯᠥᠭᠡ ᠦᠳᠡᠰᠢ ᠶᠢ ᠲᠡᠮᠡᠴᠡᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠷ ᠪᠦᠬᠦ | ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭᠠᠴᠢ ᠶᠢᠨ ᠠᠯᠬᠤᠮ ᠳᠤ᠂ ᠪᠦᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠰ ᠤᠳᠠᠭᠠᠨ ᠤ ᠲᠤᠬᠠᠶ ᠶᠢᠨ | ᠲᠠᠯᠠᠪᠤᠷ ᠤᠨ ᠬᠤᠷᠠᠯ ᠢᠶᠠᠷ ᠠᠵᠠ ᠳᠣᠬᠢᠶᠠᠯ ᠪᠣᠯᠭᠠᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠨᠠᠮ ᠤᠨ | ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠣᠯᠤᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠶᠢ ᠲᠡᠷᠢᠭᠦᠨ ᠳᠤ ᠲᠠᠯᠪᠢᠬᠤ᠂ | ᠣᠨᠣᠴᠠᠲᠠᠢ ᠪᠠᠷ ᠬᠦᠴᠦᠯᠡᠬᠦ᠂ ᠠᠵᠢᠯᠯᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠤᠰᠤᠨ ᠤ ᠲᠤᠰᠤᠯ ᠴᠢᠯᠠᠭᠤ ᠶᠢ ᠴᠤᠭᠤᠯᠬᠤ ᠬᠠᠳᠠᠨ ᠵᠣᠷᠢᠭ᠂ | ᠴᠢᠯᠠᠭᠤ ᠥᠩᠬᠦᠷᠢᠭᠦᠯᠦᠨ ᠠᠭᠤᠯᠠᠨ ᠳᠤ ᠭᠠᠷᠬᠤ ᠡᠷᠴᠢ ᠵᠣᠷᠢᠭ᠂ ᠵᠠᠮ ᠨᠡᠭᠡᠭᠡᠨ ᠬᠥᠭᠦᠷᠭᠡ ᠵᠠᠰᠠᠬᠤ ᠭᠠᠪᠰᠢᠭᠠᠶᠢᠯᠠᠬᠤ ᠵᠣᠷᠢᠭ ᠢᠶᠠᠷ ᠪᠦᠬᠦ ᠬᠤᠳᠠ ᠶᠢᠨ | ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠠᠵᠢᠯ ᠤᠨ ᠲᠡᠰ ᠳᠡᠪᠰᠢᠬᠦ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ |