ᠦᠬᠠᠶ ᠬᠤᠲᠠ ᠶᠢᠨ ᠤᠳᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠰᠤᠷᠭᠠᠭᠤᠯᠢ ᠶᠢᠨ ᠬᠦᠷᠢᠶᠡᠨ ᠳᠤ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/5
      ᠣᠶᠢᠷ᠎ᠠ ᠳᠤ᠂ ᠦᠬᠠᠶ ᠬᠤᠲᠠ ᠶᠢᠨ ᠤᠳᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ  ᠬᠤᠪᠢᠶᠠᠷᠢ ᠲᠣᠪᠴᠢᠶ᠎ᠠ ᠶᠢᠨ ᠪᠠᠶᠠᠨᠰᠠᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠬᠤᠤᠷᠲᠤ ᠡᠳ᠋ ᠠᠴᠠ ᠵᠠᠶᠢᠯᠠᠵᠤ ᠰᠤᠷᠭᠠᠭᠤᠯᠢ ᠶᠢᠨ ᠬᠦᠷᠢᠶᠡᠨ ᠳᠤ ᠵᠣᠯ ᠵᠢᠷᠭᠠᠯ ᠲᠠᠢ ᠵᠠᠯᠠᠭᠤ ᠨᠠᠰᠤ ᠶᠢ ᠥᠩᠭᠡᠷᠡᠭᠡᠬᠦ︾ ᠪᠠᠷ ᠭᠤᠤᠯ ᠰᠡᠳᠦᠪ ᠪᠣᠯᠭᠠᠭᠰᠠᠨ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
乌海1.jpg
      ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠬᠤᠤᠷᠲᠤ ᠡᠳ᠋ ᠢ ᠴᠠᠭᠠᠵᠠᠯᠠᠬᠤ ᠬᠥᠮᠦᠵᠢᠯ ᠤᠨ ᠲᠤᠰᠬᠠᠶ ᠰᠡᠳᠦᠪᠲᠦ ᠹᠢᠯᠢᠮ ᠢ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠲᠤ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠤᠤᠷᠲᠤ ᠡᠳ᠋ ᠤᠨ ᠲᠥᠷᠥᠯ ᠵᠦᠢᠯ᠂ ᠥᠪᠡᠷᠮᠢᠴᠡ ᠴᠢᠨᠠᠷ ᠢ ᠪᠣᠳᠠᠲᠠᠶ ᠲᠠᠶᠢᠯᠪᠤᠷᠢᠯᠠᠵᠤ᠂ ᠬᠤᠤᠷᠲᠤ ᠡᠳ᠋ ᠲᠤ ᠬᠤᠯᠪᠣᠭᠳᠠᠭᠰᠠᠨ ᠪᠠᠰᠢᠷ ᠮᠡᠭᠡ ᠶᠢ ᠢᠯᠭᠠᠨ ᠲᠠᠨᠢᠬᠤ ᠠᠷᠭ᠎ᠠ᠂ ᠬᠤᠤᠷᠲᠤ ᠡᠳ᠋ ᠲᠤ ᠬᠠᠯᠳᠠᠪᠤᠷᠢᠯᠠᠭᠰᠠᠨ ᠤ ᠳᠠᠷᠠᠭᠠᠬᠢ ᠬᠤᠤᠷ ᠬᠥᠨᠥᠭᠡᠯ ᠵᠢᠴᠢ ᠬᠤᠤᠷᠲᠤ ᠡᠳ᠋ ᠫᠠᠨᠽᠠᠯᠠᠭᠴᠢ ᠵᠠᠯᠠᠭᠤ ᠪᠠᠭᠠᠴᠤᠳ ᠢ ᠬᠠᠭᠤᠷᠤᠨ ᠮᠡᠬᠡᠯᠡᠵᠦ ᠬᠤᠤᠷᠲᠤ ᠡᠳ᠋ ᠲᠠᠲᠠᠭᠤᠯᠬᠤ ᠪᠠᠶᠢᠩᠭᠤ ᠲᠣᠬᠢᠶᠠᠯᠳᠤᠳᠠᠭ ᠠᠷᠭ᠎ᠠ ᠪᠠᠷᠢᠯ ᠪᠠ ᠬᠤᠤᠷᠲᠤ ᠡᠳ᠋ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶ ᠲᠠᠶᠢᠯᠪᠤᠷᠢᠯᠠᠵᠠᠶ᠃ ᠡᠭᠦᠨ ᠤ ᠬᠠᠮᠲᠤ ᠪᠠᠰᠠ ᠬᠤᠤᠷ ᠴᠠᠭᠠᠵᠠᠯᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠤᠷᠤᠭᠴᠢᠳ ᠤᠨ ᠬᠤᠤᠷ ᠴᠠᠭᠠᠵᠠᠯᠠᠬᠤ ᠤᠬᠠᠭᠤᠯᠭ᠎ᠠ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠪᠠ᠃
乌海2.jpg
      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠶ ᠪᠠᠭᠰᠢ ᠰᠣᠷᠣᠭᠴᠢ ᠣᠷᠣᠯᠴᠠᠵᠤ᠂ ᠡᠯ᠎ᠡ ᠲᠥᠷᠥᠯ ᠤᠨ ᠤᠬᠠᠭᠤᠯᠬᠤ ᠮᠠᠲ᠋ᠧᠷᠢᠶᠠᠯ ᠢ 300 ᠭᠠᠷᠤᠶ ᠬᠤᠪᠢ ᠲᠠᠷᠬᠠᠭᠠᠪᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ