ᠬᠢᠩᠭᠠᠨ ᠠᠶᠢᠮᠠᠭ ᠤᠨ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠾᠧ ᠫᠢᠩ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ  ᠪᠡᠶ᠎ᠡ ᠪᠠᠨ ᠬᠤᠤᠷᠯᠠᠬᠤ ᠭᠡᠰᠡᠨ ᠡᠷᠡᠭᠲᠡᠶ ᠶᠢ ᠠᠮᠵᠢᠯᠲᠠᠲᠠᠶ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2022/8/16
      7 ᠳ᠋ᠤᠭᠠᠷ ᠰᠠᠷ᠎ᠠ ᠶᠢᠨ 16 ᠤ ᠥᠷᠯᠥᠭᠡ ᠶᠢᠨ 6 ᠴᠠᠭ ᠤᠨ ᠦᠶ᠎ᠡ ᠪᠠᠷ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠾᠧ ᠫᠢᠩ ᠲᠣᠮᠢᠯᠠᠭᠰᠠᠨ ᠰᠠᠯᠪᠤᠷᠢ 110 ᠵᠢᠯᠣᠭᠤᠳᠬᠤ ᠲᠥᠪ ᠤᠨ ᠤᠯᠠᠭᠠᠨ ᠵᠡᠭᠦᠨ ᠵᠡᠭᠡᠯᠢ ᠶᠢᠨ ᠵᠡᠭᠦᠨ ᠶᠡᠭᠡ ᠬᠥᠭᠦᠷᠭᠡ ᠳᠡᠭᠡᠷ᠎ᠡ ᠬᠥᠮᠦᠨ ᠤᠰᠤᠨ ᠳᠤ ᠤᠨᠠᠭᠰᠠᠨ ᠪᠠᠶᠢᠨ᠎ᠠ ᠲᠦᠷᠭᠡᠨ ᠴᠠᠭᠳᠠᠭ᠎ᠠ ᠲᠣᠮᠢᠯᠠᠭᠠᠷᠠᠢ ᠭᠡᠰᠡᠨ ᠵᠠᠷᠯᠢᠭ ᠢ ᠣᠯᠪᠠ᠃ ᠵᠢᠵᠢᠭᠦᠷᠯᠡᠵᠦ ᠪᠠᠶᠢᠭᠰᠠᠨ ᠰᠠᠯᠪᠤᠷᠢ ᠶᠢᠨ ᠳᠡᠳ᠋ ᠳᠠᠷᠤᠭ᠎ᠠ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ ᠬᠤᠶᠠᠷ ᠴᠠᠭᠳᠠᠭ᠎ᠠ ᠳᠠᠭᠠᠭᠤᠯᠤᠨ ᠲᠤᠬᠠᠶ ᠶᠢᠨ ᠲᠠᠯᠠᠪᠠᠶ ᠵᠦᠭ ᠶᠠᠪᠤᠬᠤ ᠵᠠᠮ ᠳᠤ ᠪᠠᠨ ᠠᠪᠤᠷᠠᠯᠲᠠ ᠶᠢᠨ ᠠᠩᠭᠢ ᠪᠣᠯᠤᠨ ᠲᠦᠷᠭᠡᠨ ᠠᠪᠤᠷᠠᠯᠲᠠ ᠶᠢᠨ ᠲᠥᠪ ᠲᠠᠢ ᠬᠠᠷᠢᠯᠴᠠᠵᠠᠶ᠃ ᠭᠤᠷᠪᠠᠨ ᠮᠢᠨᠦ᠋ᠲ ᠤᠨ ᠳᠠᠷᠠᠭ᠎ᠠ ᠭᠤᠷᠪᠠᠭᠤᠯᠠ ᠠᠪᠤᠷᠠᠨ ᠲᠤᠰᠠᠯᠠᠬᠤ ᠲᠥᠬᠦᠭᠡᠷᠦᠮᠵᠢ ᠪᠠᠨ ᠠᠪᠴᠤ ᠭᠤᠣᠯ ᠤᠨ ᠡᠷᠭᠢ ᠳᠤ ᠬᠦᠷᠬᠦ ᠳᠤ᠂ ᠲᠤᠰ ᠡᠷᠡᠭᠲᠡᠶ ᠨᠢᠭᠡᠨᠲᠡ ᠭᠤᠤᠯ ᠤᠨ ᠲᠤᠮᠳᠠ ᠳᠤ ᠬᠠᠪᠢᠳᠠᠨ᠂ ᠭᠤᠤᠯ ᠤᠨ ᠤᠰᠤ ᠨᠢᠭᠡᠨᠲᠡ ᠴᠡᠭᠡᠵᠢ ᠶᠢᠨ ᠬᠡᠰᠡᠭ ᠢ ᠨᠢ ᠳᠠᠪᠠᠪᠠ᠂ ᠭᠤᠤᠯ ᠳᠣᠲᠣᠷᠠᠬᠢ ᠪᠤᠵᠠᠷ ᠡᠪᠡᠰᠦ ᠰᠢᠪᠠᠷ ᠣᠪᠣᠭᠠᠷᠠᠵᠤ᠂ ᠦᠷᠭᠦᠯᠵᠢᠯᠡᠭᠰᠡᠨ ᠪᠣᠷᠣᠭᠠᠨ ᠠᠴᠠ ᠪᠣᠯᠵᠣ᠂ ᠤᠰᠤᠨ ᠤ ᠤᠷᠤᠰᠬᠠᠯ ᠮᠠᠰᠢ ᠲᠦᠷᠭᠡᠨ᠂ ᠪᠠᠶᠢᠳᠠᠯ ᠲᠦᠢᠯ ᠤᠨ ᠠᠶᠤᠯᠲᠠᠶ ᠪᠠᠶᠢᠪᠠ᠃ ᠠᠷᠠᠳ ᠤᠨ ᠴᠠᠭᠳᠠᠭ᠎ᠠ ᠬᠠᠷᠢᠯᠴᠠᠨ ᠲᠦᠰᠢᠯᠴᠡᠨ ᠲᠤᠰ ᠡᠷᠡᠭᠲᠡᠢ ᠵᠦᠭ ᠣᠶᠢᠷᠠᠳᠪᠠ᠂ ᠡᠷᠡᠭᠲᠡᠢ ᠶᠢᠨ ᠳᠡᠷᠭᠡᠳᠡ ᠬᠦᠷᠦᠭᠰᠡᠨ ᠤ ᠳᠠᠷᠠᠭ᠎ᠠ ᠳᠡᠭᠦᠨ ᠳᠤ ᠠᠪᠤᠷᠠᠯᠳᠠ ᠶᠢᠨ ᠴᠠᠭᠠᠷᠢᠭ ᠤᠭᠯᠠᠨ ᠴᠢᠩᠭ᠎ᠠ ᠠᠳᠬᠤᠵᠤ᠂ ᠭᠤᠣᠯ ᠤᠨ ᠤᠰᠤᠨ ᠳᠤ ᠤᠷᠤᠰᠬᠠᠭᠳᠠᠬᠤ ᠠᠴᠠ ᠰᠡᠷᠭᠡᠶᠢᠯᠡᠪᠡ᠃ 9 ᠮᠢᠨᠦ᠋ᠲ ᠬᠦᠴᠦᠯᠡᠨ ᠠᠪᠤᠷᠠᠬᠤ ᠪᠠᠷ ᠳᠠᠮᠵᠢᠨ᠂ ᠡᠷᠡᠭᠲᠡᠶ ᠶᠢ ᠠᠮᠵᠢᠯᠲᠠᠲᠠᠶ ᠪᠠᠷ ᠡᠷᠭᠢ ᠳᠡᠭᠡᠷ᠎ᠡ ᠭᠠᠷᠭᠠᠵᠤ᠂ ᠳᠠᠷᠤᠶᠢᠬᠠᠨ ᠡᠮᠨᠡᠯᠭᠡ ᠳᠤ ᠬᠦᠷᠭᠡᠪᠡ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ