ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ | ᠨᠠᠭᠠᠰᠢ᠂ ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠳᠲᠡᠷ ᠲᠦᠷᠭᠡᠨ ᠰᠢᠷᠦᠭᠦᠨ ᠲᠠᠭᠠᠷᠢᠯᠲᠠ ᠶᠠᠪᠤᠭᠤᠯᠵᠤ᠂ | ᠣᠶᠢᠷ᠎ᠠ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ︽ᠮᠦᠩᠬᠦ ᠤᠬᠢᠶᠠᠬᠤ︾ ᠪᠦᠯᠬᠦᠮ ᠢ ᠠᠮᠵᠢᠯᠲᠠᠲᠠᠶ ᠰᠦᠢᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ 13 | ᠬᠥᠮᠦᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 5000 ᠭᠠᠷᠤᠶ ᠲᠦᠮᠡ ᠳᠤ ᠬᠥᠷᠪᠡ᠃ | | | | | 6 ᠰᠠᠷ᠎ᠠ ᠶᠢᠨ 29 ᠤ ᠡᠳᠦᠷ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠦᠪᠸᠢ ᠪᠠᠯᠭᠠᠰᠤᠨ ᠤ ᠰᠠᠭᠤᠭᠠᠯᠢ ᠠᠷᠠᠳ ᠸᠠᠩ | ᠣᠪᠣᠭᠲᠤ ᠬᠡᠷᠡᠭ ᠮᠡᠳᠡᠭᠦᠯᠪᠡ᠃ ᠲᠡᠷᠡ᠂ 6 ᠰᠠᠷ᠎ᠠ ᠶᠢᠨ 4 ᠤ ᠡᠳᠦᠷ᠂ ᠨᠢᠭᠡᠨ ᠲᠠᠨᠢᠯ ᠪᠤᠰᠤ ᠬᠥᠮᠥᠨ ᠤ ᠢᠷᠡᠭᠦᠯᠦᠭᠰᠡᠨ ᠸᠢᠴᠠᠲ ᠤᠨ ᠨᠠᠶᠢᠵᠠᠯᠠᠬᠤ | ᠭᠤᠶᠤᠴᠢᠯᠠᠯ ᠢ ᠲᠣᠰᠴᠤ ᠣᠯᠵᠠᠶ᠂ ᠨᠠᠶᠢᠵᠠᠯᠠᠭᠰᠠᠨ ᠤ ᠳᠠᠷᠠᠭ᠎ᠠ ᠨᠥᠭᠦᠭᠡ ᠡᠲᠡᠭᠡᠳ ᠨᠢ ᠦᠷᠭᠦᠯᠵᠢ ᠸᠠᠩ ᠣᠪᠣᠭᠲᠤ ᠳᠤ ᠲᠡᠭᠦᠨ ᠤ ᠺᠣᠮᠫᠠᠨᠢ ᠳᠤ ᠣᠴᠢᠵᠤ ᠠᠵᠢᠯ | ᠪᠠᠶᠢᠴᠠᠭᠠᠬᠤ᠂ ᠳᠡᠭᠡᠳᠦ ᠲᠠᠰ ᠤᠨ ᠬᠤᠷᠠᠯ ᠬᠤᠷᠠᠯᠳᠤᠭᠤᠯᠬᠤ ᠮᠡᠳᠡᠭᠡ ᠵᠠᠩᠭᠢ ᠶᠢ ᠶᠠᠪᠤᠭᠤᠯᠵᠤ᠂ ᠠᠮᠵᠢᠯᠲᠠ ᠣᠯᠣᠭᠰᠠᠳ ᠤᠨ ᠳᠦᠷᠢ ᠶᠢᠨ ᠰᠠᠭᠤᠭᠳᠠᠯ ᠥᠭᠴᠦ᠂ | ᠳᠠᠷᠠᠭ᠎ᠠ ᠨᠢ ᠸᠠᠩ ᠣᠪᠣᠭᠲᠤ ᠲᠠᠢ ᠡᠬᠢᠯᠡᠨ ᠵᠣᠭᠤᠭᠳᠠᠵᠤ᠂ ᠪᠠᠶᠠᠵᠢᠬᠤ ᠵᠠᠮ ᠢ ᠰᠦᠪᠡᠭᠴᠢᠯᠡᠭᠰᠡᠨ ᠪᠥᠭᠡᠳ ᠸᠠᠩ ᠣᠪᠣᠭᠲᠤ ᠳᠤ ︽GQEX︾ ᠭᠡᠬᠦ ᠬᠤᠳᠠᠯ | ᠬᠠᠭᠤᠷᠮᠠᠭ ᠪᠠᠯᠠ ᠣᠷᠣᠭᠤᠯᠤᠯᠲᠠ ᠶᠢᠨ APP ᠶᠢ ᠲᠠᠨᠢᠯᠴᠠᠭᠤᠯᠵᠤ᠂ ᠡᠨᠡ ᠬᠦ APP ᠳᠡᠭᠡᠷ᠎ᠡ ᠶᠢᠨ ᠵᠣᠭᠤᠰᠣᠨ ᠤ ᠠᠷᠠᠯᠵᠢᠶᠠᠨ ᠤ ᠢᠯᠡᠳᠬᠡᠭᠴᠢ ᠲᠣᠭᠠᠨ ᠤ | ᠪᠠᠯᠠ ᠣᠷᠣᠭᠤᠯᠤᠯᠲᠠ ᠪᠠᠷ ᠳᠡᠮᠵᠢᠨ ᠠᠰᠢᠭ ᠣᠯᠵᠤ ᠴᠢᠳᠠᠨ᠎ᠠ ᠭᠡᠪᠡ᠃ | ᠸᠠᠩ ᠣᠪᠣᠭᠲᠤ ᠡᠬᠢᠯᠡᠵᠦ ᠲᠤᠷᠰᠢᠵᠤ ᠦᠵᠡᠭᠡᠳ 5000 ᠲᠥᠭᠦᠷᠢᠭ ᠤᠨ ᠪᠡᠯᠡ ᠣᠷᠣᠭᠤᠯᠵᠤ᠂ APP ᠳᠡᠭᠡᠷ᠎ᠡ ᠠᠰᠢᠭ ᠣᠯᠤᠭᠰᠠᠨ ᠢ ᠮᠡᠳᠡᠭᠰᠡᠨ ᠤ | ᠳᠠᠷᠠᠭ᠎ᠠ᠂ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ ᠪᠠᠨ ᠦᠷᠭᠦᠯᠵᠢᠯᠡᠨ ᠨᠡᠮᠡᠭᠳᠡᠭᠦᠯᠵᠡᠶ᠂ ᠭᠡᠪᠡᠴᠦ ᠪᠡᠯᠡᠨ ᠵᠣᠭᠤᠰ ᠭᠠᠷᠭᠠᠵᠤ ᠠᠪᠬᠤ ᠦᠶ᠎ᠡ ᠳᠤ | ᠦᠢᠯᠡᠴᠢᠯᠡᠭᠡᠨ ᠤ ᠬᠥᠮᠦᠰ ᠬᠠᠷᠢᠨ ᠭᠠᠶᠢᠯᠢ ᠶᠢᠨ ᠮᠥᠩᠭᠦ ᠲᠤᠰᠢᠶᠠᠬᠤ ᠶᠢ ᠱᠠᠭᠠᠷᠳᠠᠵᠤ᠂ ᠪᠠᠰᠠ ᠸᠠᠩ ᠣᠪᠣᠭᠲᠤ ᠪᠠᠷ ᠦᠷᠭᠦᠯᠵᠢᠯᠡᠨ ᠲᠠᠪᠴᠠᠩ ᠳᠡᠭᠡᠷ᠎ᠡ ᠵᠣᠭᠤᠰ | ᠭᠤᠪᠢᠭᠤᠯᠤᠭᠤᠯᠵᠤ᠂ 220 ᠭᠠᠷᠤᠶ ᠲᠦᠮᠡᠨ ᠲᠥᠭᠦᠷᠢᠭ ᠪᠡᠯᠡ ᠣᠷᠣᠭᠤᠯᠤᠭᠰᠠᠨ ᠤ ᠳᠠᠷᠠᠭ᠎ᠠ ᠪᠠᠰᠠ ᠪᠡᠯᠡᠨ ᠵᠣᠭᠤᠰ ᠭᠠᠷᠭᠠᠵᠤ ᠠᠪᠴᠤ ᠳᠡᠶᠢᠯᠬᠦ ᠦᠭᠡᠶ ᠪᠠᠶᠢᠵᠤ᠂ | ᠥᠪᠡᠷ ᠢᠶᠠᠨ ᠮᠡᠬᠡᠯᠡᠭᠳᠡᠭᠰᠡᠨ ᠢᠶᠠᠨ ᠮᠡᠳᠡᠭᠡᠳ ᠴᠠᠭᠳᠠᠭ᠎ᠠ ᠳᠤ ᠬᠡᠷᠡᠭ ᠮᠡᠳᠡᠭᠦᠯᠵᠡᠶ᠃ | ᠬᠡᠷᠡᠭ ᠤᠨ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠢ | ᠲᠤᠷᠰᠢᠨ ᠪᠠᠶᠢᠴᠠᠭᠠᠬᠤ ᠶᠡᠭᠡ ᠠᠩᠭᠢ ︽6·29︾ ᠤ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠮᠡᠬᠡᠯᠡᠭᠳᠡᠭᠴᠢ ᠶᠢᠨ ᠬᠠᠩᠭᠠᠭᠰᠠᠨ ᠰᠦᠪᠡᠭᠴᠢ ᠶᠢᠨ | ᠲᠣᠭᠤᠷᠢᠨ ᠳᠤ ᠦᠳᠲᠡᠷ ᠲᠦᠷᠭᠡᠨ ᠪᠠᠶᠢᠴᠠᠭᠠᠯᠲᠠ ᠬᠢᠪᠠ᠃ ᠨᠠᠷᠢᠨ ᠨᠢᠮᠪᠠᠶ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠰ ᠬᠡᠷᠡᠭ ᠤᠨ ᠠᠷᠤ ᠳᠤ ᠨᠢᠭᠡᠨ ᠣᠨᠴᠠ | ᠶᠡᠭᠡ ︽ᠮᠦᠩᠬᠦ ᠤᠬᠢᠶᠠᠬᠤ︾ ᠪᠦᠯᠬᠦᠮ ᠨᠢᠭᠤᠭᠳᠠᠵᠤ ᠪᠠᠶᠢᠬᠤ ᠶᠢ ᠣᠯᠵᠤ ᠮᠡᠳᠡᠵᠡᠶ᠃ ᠲᠤᠰᠬᠠᠶ ᠬᠡᠷᠡᠭ ᠤᠨ ᠳᠤᠭᠤᠶᠢᠯᠠᠩ ᠱᠠᠨᠳᠦ᠋ᠩ᠂ ᠾᠧᠨᠠᠨ᠂ ᠹᠦᠵᠢᠶᠠᠨ᠂ | ᠰᠧᠴᠦᠸᠠᠨ᠂ ᠯᠢᠶᠣᠤᠨᠢᠩ ᠵᠡᠷᠭᠡ ᠮᠤᠵᠢ ᠳᠤ ᠬᠦᠷᠴᠦ ᠪᠠᠶᠢᠴᠠᠭᠠᠨ ᠭᠡᠷᠡᠴᠢ ᠠᠪᠬᠤ ᠠᠵᠢᠯ ᠥᠷᠨᠢᠭᠦᠯᠦᠭᠡᠳ᠂ ᠲᠤᠷᠰᠢᠨ ᠪᠠᠶᠢᠴᠠᠭᠠᠬᠤ ᠠᠵᠢᠯᠲᠠᠨ ᠨᠢᠭᠡ ᠰᠠᠷ᠎ᠠ ᠶᠢᠨ | ᠴᠠᠭ ᠢ ᠵᠠᠷᠤᠴᠠᠭᠤᠯᠤᠨ ᠡᠴᠦᠰ ᠲᠡᠭᠡᠨ ᠶᠠᠯ᠎ᠠ ᠬᠢᠭᠰᠡᠨ ᠰᠡᠵᠢᠭᠳᠡᠨ ᠤ ᠣᠨᠣᠪᠴᠢᠲᠠᠶ ᠪᠠᠶᠢᠷᠢ ᠶᠢ ᠣᠯᠤᠭᠰᠠᠨ ᠪᠠᠶᠢᠨ᠎ᠠ᠃ 7 ᠰᠠᠷ᠎ᠠ ᠶᠢᠨ 1 ᠤ ᠡᠳᠦᠷ ᠠᠴᠠ 7 | ᠰᠠᠷ᠎ᠠ ᠶᠢᠨ 25 ᠤ ᠡᠳᠦᠷ ᠪᠣᠯᠲᠠᠯ᠎ᠠ᠂ ᠬᠤᠸᠠᠩ ᠣᠪᠣᠭᠲᠤ᠂ ᠯᠦ ᠣᠪᠣᠭᠲᠤ ᠵᠡᠷᠭᠡ ᠵᠣᠭᠤᠰ ᠤᠬᠢᠶᠠᠭᠰᠠᠨ ᠶᠠᠯ᠎ᠠ ᠬᠢᠭᠰᠡᠨ ᠰᠡᠵᠢᠭᠯᠡᠯᠲᠡᠢ 3 ᠰᠡᠵᠢᠭᠳᠡᠨ ᠢ ᠤᠷᠢᠳ | ᠬᠤᠵᠢᠳ ᠪᠠᠷᠢᠪᠴᠢᠯᠠᠪᠠ᠃ 7 ᠰᠠᠷ᠎ᠠ ᠶᠢᠨ 25 ᠤ ᠡᠳᠦᠷ ᠤᠨ ᠣᠷᠣᠶ᠂ ᠳᠡᠩᠨᠡᠨ ᠪᠠᠶᠢᠴᠠᠭᠠᠬᠤ ᠠᠵᠢᠯᠲᠠᠳ ᠬᠤᠶᠠᠷ ᠵᠠᠮ ᠬᠤᠪᠢᠶᠠᠨ᠂ ᠴᠠᠭ ᠲᠣᠬᠢᠶᠠᠯ ᠢ ᠠᠮᠵᠢᠨ᠂ | ᠵᠡᠷᠭᠡ ᠪᠠᠷ ᠰᠡᠭᠦᠯ ᠬᠤᠷᠢᠶᠠᠵᠤ᠂ ᠾᠧᠨᠠᠨ ᠮᠤᠵᠢ ᠶᠢᠨ ᠰᠢᠨ ᠰᠢᠶᠠᠩ ᠬᠤᠲᠠ ᠪᠠ ᠾᠦᠢ ᠰᠢᠶᠠᠨ ᠬᠤᠲᠠ ᠳᠤ ᠪᠤᠰᠤᠳ ᠰᠡᠵᠢᠭᠳᠡᠨ ᠢ ᠪᠦᠬᠦᠨ ᠢ ᠪᠠᠷᠢᠪᠴᠢᠯᠠᠪᠠ᠃ | ᠢᠩᠭᠢᠭᠡᠳ ︽6·29︾ ᠤ ᠲᠤᠰᠬᠠᠶ ᠬᠡᠷᠡᠭ ᠤᠨ ︽ᠮᠦᠩᠬᠦ ᠤᠬᠢᠶᠠᠬᠤ︾ ᠪᠦᠯᠬᠦᠮ ᠢ ᠠᠮᠵᠢᠯᠲᠠ ᠲᠠᠢ ᠪᠠᠷ ᠰᠦᠢᠷᠡᠭᠦᠯᠵᠦ᠂ 10 ᠭᠠᠷᠤᠶ ᠰᠡᠵᠢᠭᠳᠡᠨ ᠢ | ᠪᠠᠷᠢᠵᠤ ᠠᠪᠴᠠᠢ᠃ | ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠤ ᠪᠠᠶᠢᠨ᠎ᠠ᠃ |