ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠯᠠᠭᠠᠨ ᠬᠥᠬᠡ ᠡᠰᠡᠷᠭᠦᠴᠡᠯᠳᠦᠯ︾ ᠤᠨ ᠪᠣᠳᠠᠲᠤ ᠪᠠᠶᠢᠯᠳᠤᠭᠠᠨ ᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/8/24
      ᠭᠡᠨᠡᠳᠲᠡ ᠶᠢᠨ ᠴᠢᠨᠠᠷᠲᠠᠢ ᠬᠡᠷᠡᠭ ᠢ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠳᠣᠲᠣᠭᠠᠳᠤ ᠶᠢ ᠬᠠᠮᠠᠭᠠᠯᠠᠬᠤ ᠠᠵᠢᠯ ᠳᠤ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ᠂ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠠᠷᠭᠠᠴᠠᠭᠠᠬᠤ᠂ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠬᠦ᠂ ᠠᠮᠤᠷ ᠲᠦᠪᠰᠢᠨ ᠤ ᠪᠠᠶᠢᠭᠤᠯᠤᠯᠲᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠯᠠᠭᠠᠨ ᠬᠥᠬᠡ ᠡᠰᠡᠷᠭᠦᠴᠡᠯᠳᠦᠯ︾ ᠤᠨ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃
01.jpg
     ᠲᠣᠰ ᠤᠳᠠᠭᠠᠨ ᠤ ᠰᠣᠷᠢᠯᠲᠠ ᠨᠢ ᠰᠢᠯᠢᠳᠡᠭ ᠴᠠᠭᠳᠠᠭ᠎ᠠ ᠶᠢ ᠰᠣᠩᠭᠤᠨ ᠲᠣᠮᠢᠯᠠᠵᠤ᠂ ᠳᠤᠭᠤᠶᠢᠯᠠᠩ ᠬᠤᠪᠢᠶᠠᠨ ︽ᠤᠯᠠᠭᠠᠨ ᠬᠥᠬᠡ ᠡᠰᠡᠷᠭᠦᠴᠡᠯᠳᠦᠯ︾  ᠤᠨ ᠬᠡᠯᠪᠡᠷᠢ ᠪᠠᠷ ᠶᠠᠪᠤᠭᠳᠠᠭᠤᠯᠵᠤ᠂ ᠬᠦᠴᠦᠷᠬᠡᠭᠯᠡᠯ ᠰᠦᠷᠳᠡᠭᠦᠯᠦᠯ ᠤᠨ ᠡᠲᠡᠭᠡᠳ ᠨᠢ ᠵᠡᠭᠡᠯᠢ ᠳᠡᠭᠡᠷ᠎ᠡ ᠫᠤᠤ ᠪᠠᠷᠢᠵᠤ ᠬᠥᠮᠥᠨ ᠢ ᠰᠢᠷᠬᠠᠲᠤᠭᠤᠯᠤᠭᠰᠠᠨ ᠤ ᠳᠠᠷᠠᠭ᠎ᠠ᠂ ᠮᠣᠷᠢ ᠣᠷᠣᠯᠳᠤᠬᠤ ᠲᠠᠯᠠᠪᠤᠷ ᠤᠨ ᠬᠠᠶᠠᠭᠳᠠᠭᠰᠠᠨ ᠪᠠᠷᠢᠯᠭ᠎ᠠ ᠳᠤ ᠳᠤᠲᠠᠭᠠᠨ ᠣᠷᠣᠵᠤ᠂ ᠣᠨᠴᠠ ᠴᠠᠭᠳᠠᠭ᠎ᠠ ᠲᠤᠬᠠᠢ ᠶᠢᠨ ᠲᠠᠯᠠᠪᠤᠷ ᠲᠤ ᠬᠦᠷᠴᠦ ᠲᠡᠭᠦᠨ ᠲᠠᠢ ᠡᠰᠡᠷᠭᠦᠴᠡᠯᠳᠦᠭᠰᠡᠨ ᠬᠡᠷᠡᠭ ᠢᠶᠠᠷ ᠰᠣᠷᠢᠯᠲᠠ ᠪᠣᠯᠭᠠᠵᠤ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠤᠨ ᠳᠤᠮᠳᠠᠬᠢ ᠴᠠᠭᠳᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠴᠢᠳᠠᠪᠦᠷᠢ᠂ ᠬᠠᠷᠢᠯᠴᠠᠨ ᠬᠠᠮᠵᠢᠯᠴᠠᠬᠤ ᠴᠢᠳᠠᠪᠦᠷᠢ ᠵᠢᠴᠢ ᠵᠡᠪᠰᠡᠭ ᠴᠠᠭᠳᠠᠭ᠎ᠠ ᠶᠢᠨ ᠪᠠᠭᠠᠵᠢ ᠬᠡᠷᠡᠭᠯᠡᠬᠦ ᠵᠡᠷᠭᠡ ᠲᠠᠯ᠎ᠠ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠤ᠂ ᠪᠣᠯᠪᠠᠰᠤᠷᠠᠯ ᠳᠤ ᠣᠷᠣᠯᠴᠠᠭᠰᠠᠨ ᠴᠠᠭᠳᠠᠭ᠎ᠠ ᠶᠢᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠦᠨ᠂ ᠵᠡᠪᠰᠡᠭ ᠬᠡᠷᠡᠭᠯᠡᠬᠦ ᠶᠢ ᠡᠵᠡᠮᠰᠢᠭᠦᠯᠵᠦ᠂ ᠪᠠᠶᠢᠯᠳᠤᠭᠠᠨ ᠢᠶᠠᠷ ᠪᠣᠯᠪᠠᠰᠤᠷᠠᠯ ᠢ ᠳᠠᠭᠠᠭᠤᠯᠬᠤ᠂  ᠪᠣᠯᠪᠠᠰᠤᠷᠠᠯ ᠢᠶᠠᠷ ᠪᠠᠶᠢᠯᠳᠤᠭᠠᠨ ᠢ ᠠᠬᠢᠭᠤᠯᠬᠤ ᠵᠣᠷᠢᠯᠭ᠎ᠠ ᠳᠤ ᠦᠨᠡᠨ ᠬᠦ ᠬᠥᠷᠥᠭᠰᠡᠨ ᠪᠠᠶᠢᠨ᠎ᠠ᠃
04.jpg
     ᠲᠣᠰ ᠤᠳᠠᠭᠠᠨ ᠤ ᠰᠣᠷᠢᠯᠲᠠ ᠳᠤ ᠠᠷᠠᠳ ᠤᠨ ᠴᠠᠭᠳᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠤ᠂ ᠴᠠᠭᠳᠠᠭᠠᠨ ᠤ ᠡᠩᠨᠡᠭᠡᠨ ᠤ ᠰᠢᠷᠭᠠᠭᠤ ᠬᠠᠲᠠᠭᠤᠵᠢᠯᠲᠠᠢ ᠠᠵᠢᠯ ᠤᠨ ᠰᠤᠷᠲᠠᠯ ᠢ ᠳᠡᠯᠭᠡᠨ ᠦᠵᠡᠭᠦᠯᠵᠣ᠂ ᠮᠥᠨ ᠴᠤ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ  ᠳᠣᠭᠲᠠᠭᠤᠨ ᠢ ᠪᠠᠲᠤᠯᠠᠪᠠ᠃
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠳᠣᠲᠣᠭᠠᠳᠣ ᠶᠢ ᠬᠠᠮᠠᠭᠠᠯᠠᠬᠤ ᠲᠣᠪᠴᠢᠶ᠎ᠠ