ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠣᠨᠴᠠ ᠲᠥᠷᠦᠯ ᠤᠨ ᠴᠠᠭᠳᠠᠭ᠎ᠠ ᠶᠢᠨ ᠡᠷᠳᠡᠮ ᠤᠨ ᠮᠦᠷᠦᠶᠢᠴᠡᠭᠡᠨ ᠳᠤ ᠣᠷᠣᠯᠴᠠᠪᠠ
ᠨᠡᠶᠢᠲᠡᠯᠡᠭᠰᠡᠨ ᠴᠠᠭ᠄
2022/8/3
      ᠴᠠᠭᠳᠠᠭᠠᠨ ᠤ ᠰᠦᠯᠳᠡ ᠭᠢᠯᠠᠯᠵᠠᠵᠤ᠂ ᠪᠠᠶᠢᠯᠳᠤᠭᠠᠨ ᠤ ᠲᠤᠭ ᠨᠠᠮᠢᠷᠠᠨ᠎ᠠ᠃ 7 ᠳ᠋ᠤᠭᠠᠷ ᠰᠠᠷ᠎ᠠ ᠶᠢᠨ 20 ᠤ ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠠᠮᠤᠷ ᠲᠦᠪᠰᠢᠨ ᠢ ᠦᠨᠡᠨᠴᠢ ᠰᠢᠳᠤᠷᠭᠤ ᠪᠠᠷ ᠪᠠᠲᠤᠯᠠᠬᠤ︾ ᠤᠯᠠᠭᠠᠨᠬᠠᠳᠠ ᠶᠢᠨ ᠳᠣᠲᠣᠭᠠᠳᠤ ᠶᠢ ᠬᠠᠮᠠᠭᠠᠯᠠᠬᠤ ᠣᠨᠴᠠ ᠲᠥᠷᠦᠯ ᠤᠨ ᠴᠠᠭᠳᠠᠭ᠎ᠠ ︽ᠬᠠᠰ ᠯᠤᠤ 2022︾ ᠳᠠᠶᠢᠴᠢᠯᠠᠯᠲᠠ ᠶᠢᠨ ᠰᠣᠷᠢᠯᠲᠠ ᠵᠢᠴᠢ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠣᠨᠴᠠ ᠲᠥᠷᠦᠯ ᠤᠨ ᠴᠠᠭᠳᠠᠭ᠎ᠠ ᠶᠢᠨ ᠵᠡᠪᠰᠡᠭ ᠤᠨ ᠮᠥᠷᠦ᠋ᠢᠴᠡᠭᠡᠨ ᠪᠠᠭᠠᠷᠢᠨ ᠵᠡᠭᠦᠨ ᠬᠤᠰᠢᠭᠤᠨ ᠤ ᠰᠠᠨ ᠰᠢᠶᠠ ᠳᠤᠮᠳᠠᠳᠤ ᠰᠤᠷᠭᠠᠭᠤᠯᠢ ᠳᠤ ᠡᠬᠢᠯᠡᠪᠡ᠃ ᠭᠤᠷᠪᠠᠨ ᠡᠳᠦᠷ ᠤᠨ ᠮᠦᠷᠦᠶᠢᠴᠡᠭᠡᠨ ᠳᠤ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭᠠᠨ ᠤ ᠠᠩᠭᠢ ᠶᠢᠨ ᠬᠢᠨ ᠵᠣᠷᠢᠭᠲᠠᠶ ᠲᠡᠮᠡᠴᠡᠬᠦ ᠵᠣᠷᠢᠭ ᠰᠠᠨᠠᠭ᠎ᠠ ᠪᠠᠷ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠤᠭ ᠵᠢᠪᠬᠤᠭ᠎ᠠ ᠶᠢ ᠢᠯᠡᠷᠡᠭᠦᠯᠪᠡ᠃
41480726.jpg   
      ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠣᠨᠴᠠ ᠲᠥᠷᠥᠯ ᠤᠨ ᠴᠠᠭᠳᠠᠭ᠎ᠠ ᠶᠢᠨ ᠵᠡᠪᠰᠡᠭ ᠤᠨ ᠮᠥᠷᠦ᠋ᠢᠴᠡᠭᠡᠨ ᠨᠢᠭᠡᠨᠲᠡ ᠨᠠᠢᠮᠠᠨ ᠬᠤᠭᠤᠴᠠᠭ᠎ᠠ ᠶᠠᠪᠤᠭᠳᠠᠵᠤ᠂ ᠬᠠᠬᠢᠷ ᠬᠦᠢᠲᠡᠨ ᠡᠪᠦᠯ ᠠᠭᠠᠭᠢᠮ᠎ᠠ ᠬᠠᠯᠠᠭᠤᠨ ᠵᠣᠨ᠂ ᠣᠨ ᠵᠢᠯ ᠰᠣᠯᠢᠭᠳᠠᠬᠤ ᠶᠢ ᠳᠠᠭᠠᠯᠳᠤᠨ᠂ ᠤᠷᠤᠯᠳᠤᠭᠠᠨ ᠳᠤ ᠣᠷᠣᠯᠴᠠᠬᠤ ᠭᠡᠰᠢᠭᠦᠳ ᠤᠨ ᠰᠣᠯᠢᠭᠳᠠᠯ ᠶᠡᠭᠡ ᠪᠠᠶᠢᠭᠰᠠᠨ ᠴᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠶᠡᠭᠡ ᠠᠩᠭᠢ ᠶᠢᠨ ᠪᠠᠷᠢᠮᠲᠠᠯᠠᠯ ᠪᠠ ᠪᠠᠲᠤ ᠰᠠᠬᠢᠯᠲᠠ ᠬᠤᠪᠢᠷᠠᠭᠰᠠᠨ ᠦᠭᠡᠢ᠃ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠴᠠᠭᠳᠠᠭ᠎ᠠ ᠳᠡᠭᠡᠳᠦ ᠲᠤᠤᠷᠠᠳᠤ ᠱᠠᠳᠤ ᠪᠠᠷ ᠢᠶᠠᠨ ᠪᠣᠳᠠᠲᠤ ᠪᠠᠶᠢᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠪᠠᠷ ᠢᠯᠠᠯᠲᠠ ᠣᠯᠬᠤ᠂ ᠣᠮᠤᠭ ᠲᠡᠭᠦᠯᠳᠡᠷ ᠵᠣᠷᠢᠭ ᠰᠥᠰᠦ᠂ ᠰᠢᠯᠢᠳᠡᠭ ᠰᠤᠷᠲᠠᠯ᠂ ᠡᠷᠡᠰ ᠬᠠᠲᠠᠭᠤ ᠲᠡᠮᠡᠴᠡᠯ ᠤᠨ ᠵᠣᠷᠢᠭ ᠢᠶᠠᠷ ᠪᠣᠯᠪᠠᠰᠤᠷᠠᠯ ᠬᠢᠵᠦ᠂ ᠠᠷᠢᠭᠤᠨ ᠬᠥᠯᠥᠰᠥ ᠪᠠᠨ ᠤᠷᠤᠰᠬᠠᠨ᠂ ᠡᠷᠴᠢ ᠵᠣᠷᠢᠭ ᠢᠶᠠᠨ ᠬᠥᠪᠴᠢᠯᠡᠵᠦ᠂ ᠪᠦᠷᠢᠯᠳᠦᠭᠦᠯᠪᠡᠰᠦ ᠵᠣᠬᠢᠬᠤ ᠡᠷᠳᠡᠮ ᠢ ᠬᠠᠲᠠᠭᠤᠵᠢᠯᠲᠠᠢ ᠪᠣᠯᠪᠠᠰᠤᠷᠠᠪᠠ᠃
 1507560776.jpg  
      ᠲᠣᠰ ᠤᠳᠠᠭᠠᠨ ᠤ ᠵᠡᠪᠰᠡᠭ ᠤᠨ ᠮᠥᠷᠦ᠋ᠢᠴᠡᠭᠡᠨ ᠪᠣᠯ ᠪᠥᠬᠦ ᠬᠤᠲᠠ ᠶᠢᠨ ᠣᠨᠴᠠ ᠲᠥᠷᠦᠯ ᠤᠨ ᠴᠠᠭᠳᠠᠭ᠎ᠠ ᠶᠢᠨ ᠡᠩᠨᠡᠭᠡ ᠶᠢᠨ ᠴᠢᠳᠠᠪᠤᠷᠢ ᠮᠡᠷᠭᠡᠵᠢᠯ ᠤᠨ ᠪᠣᠯᠪᠠᠰᠤᠷᠠᠯ ᠤᠨ ᠬᠢᠷᠢ ᠲᠦᠪᠰᠢᠨ ᠤ ᠪᠦᠲᠦᠮᠵᠢᠲᠡᠶ ᠰᠢᠯᠭᠠᠯᠲᠠ ᠮᠥᠨ᠂ ᠪᠠᠰᠠ ᠴᠤ ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠯ ᠤᠨ ᠱᠠᠲᠤ ᠦᠶᠡᠴᠢ ᠴᠢᠨᠠᠷᠲᠠᠶ ᠦᠷ᠎ᠡ ᠪᠦᠳᠦᠮᠵᠢ ᠶᠢᠨ ᠨᠢᠭᠡ ᠤᠳᠠᠭᠠᠨ ᠤ ᠰᠢᠯᠭᠠᠯᠲᠠ ᠮᠥᠨ᠃ ᠴᠠᠭᠳᠠᠭ᠎ᠠ ᠶᠢᠨ ᠡᠷᠳᠡᠮ ᠤᠨ ᠮᠥᠷᠦ᠋ᠢᠴᠡᠭᠡᠨ ᠢᠶᠠᠷ ᠳᠠᠮᠵᠢᠭᠤᠯᠤᠨ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠳᠠᠲᠤ ᠪᠠᠶᠢᠯᠳᠤᠭᠠᠨ ᠬᠢᠵᠦ ᠶᠡᠬᠡᠪᠡᠷ ᠪᠣᠯᠪᠠᠰᠤᠷᠠᠭᠤᠯᠬᠤ ᠬᠠᠯᠠᠭᠤᠨ ᠥᠷᠨᠢᠯᠲᠡ ᠶᠢ ᠤᠯᠠᠮ ᠴᠢᠨᠠᠭᠰᠢᠳᠠ ᠶᠠᠪᠤᠭᠳᠠᠭᠤᠯᠵᠤ᠂ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠴᠠᠭᠳᠠᠭᠠᠨ ᠤ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠯᠳᠤᠭᠠᠨ ᠬᠢᠬᠦ ᠴᠢᠳᠠᠪᠤᠷᠢ ᠪᠣᠯᠤᠨ ᠳᠠᠶᠢᠴᠢᠨ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠳᠥᠷᠪᠡᠨ ᠲᠡᠮᠦᠷ ᠮᠡᠲᠦ︾ ᠳᠣᠲᠣᠭᠠᠳᠤ ᠶᠢ ᠬᠠᠮᠠᠭᠠᠯᠠᠬᠤ ᠰᠢᠯᠭᠠᠷᠠᠭᠰᠠᠨ ᠡᠩᠨᠡᠭᠡ ᠶᠢ ᠪᠣᠶ ᠪᠣᠯᠭᠠᠵᠤ᠂ ᠨᠡᠶᠢᠭᠡᠮ ᠤᠨ ᠪᠦᠬᠦ ᠲᠠᠯ᠎ᠠ ᠶᠢᠨ ᠲᠣᠭᠲᠠᠭᠤᠨ ᠢ ᠬᠦᠴᠦᠲᠡᠶ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠨᠥᠬᠦᠴᠡᠯ ᠳᠤᠤᠷ᠎ᠠ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃   
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ