ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠤᠭᠤᠲᠤ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠲᠤᠤ ᠮᠠ ᠭᠸᠦ ᠶᠢᠨ ᠠᠩᠬᠠᠳᠤᠭᠠᠷ ᠬᠤᠭᠤᠴᠠᠭᠠᠨ ᠤ ᠬᠤᠸᠠᠷ ᠫᠤᠤᠵᠢᠩ ᠤᠨ ᠨᠠᠶᠢᠷ ᠤᠨ ᠨᠢᠭᠡᠳᠦᠭᠡᠷ ᠡᠳᠦᠷ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/8/3
     7 ᠳ᠋ᠤᠭᠠᠷ ᠰᠠᠷ᠎ᠠ ᠶᠢᠨ 15 ᠤ ᠡᠳᠦᠷ᠂ ᠪᠤᠭᠤᠲᠤ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠲᠤᠤ ᠮᠠ ᠭᠧᠦ ᠶᠢᠨ ᠠᠩᠬᠠᠳᠤᠭᠠᠷ ᠬᠤᠭᠤᠴᠠᠭᠠᠨ ᠤ ᠬᠤᠸᠠᠷ ᠫᠤᠤᠵᠢᠩ ᠤᠨ ᠨᠠᠶᠢᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠤ ᠮᠠ ᠭᠧᠦ ᠦᠵᠡᠮᠵᠢ ᠶᠢᠨ ᠣᠷᠣᠨ ᠳᠤ ᠦᠪᠡᠳᠡᠭᠰᠢ ᠶᠡᠭᠡ ᠪᠠᠷ ᠶᠠᠪᠤᠭᠳᠠᠪᠠ᠃
安保5.jpg   
      ᠬᠤᠰᠢᠭᠤᠨ ᠤ ᠲᠣᠪᠴᠢᠶᠠᠨ ᠤ ᠨᠠᠮ ᠤᠨ ᠬᠤᠷᠢᠶ᠎ᠠ ᠲᠤᠰ ᠤᠳᠠᠭᠠᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠲᠣᠬᠢᠷᠠᠭᠤᠯᠤᠨ ᠪᠠᠶᠢᠷᠢᠯᠠᠭᠤᠯᠪᠠ᠃ ᠠᠮᠤᠷ ᠢ ᠬᠠᠮᠠᠭᠠᠯᠠᠬᠤ ᠶᠡᠭᠡ ᠠᠩᠭᠢ ᠲᠦᠷᠦᠭᠦᠯᠡᠨ ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ ᠨᠢᠭᠲᠠ ᠠᠮᠤᠷ ᠢ ᠬᠠᠮᠠᠭᠠᠯᠠᠬᠤ ᠠᠵᠢᠯ ᠤᠨ ᠲᠥᠰᠦᠯ ᠪᠠ ᠭᠡᠨᠡᠳᠲᠡ ᠶᠢᠨ ᠬᠡᠷᠡᠭ ᠢ ᠰᠢᠶ᠋ᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠵᠤ᠂ ᠰᠢᠬᠠᠯᠳᠤᠵᠤ ᠭᠢᠰᠬᠢᠯᠡᠬᠦ᠂ ᠲᠦᠢᠮᠡᠷ ᠤᠨ ᠠᠳᠡᠯ ᠭᠠᠷᠬᠤ ᠪᠠ ᠪᠣᠰᠤᠳ ᠵᠦᠢᠯ ᠤᠨ ᠬᠡᠷᠡᠭ ᠢ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠵᠤ᠂ ᠭᠤᠤᠯᠳᠠᠯᠭ᠎ᠠ ᠲᠠᠢ ᠣᠷᠣᠨ ᠪᠣᠯᠤᠨ ᠡᠯ᠎ᠡ ᠵᠦᠢᠯ ᠤᠨ ᠠᠵᠢᠯᠯᠠᠭᠠᠨ ᠤ ᠣᠷᠣᠨ ᠤ ᠡᠯ᠎ᠡ ᠵᠦᠢᠯ ᠤᠨ ᠠᠵᠢᠯ ᠢ ᠨᠢᠭᠲᠠ ᠵᠣᠯᠭᠠᠭᠤᠯᠵᠤ᠂ ᠣᠯᠠᠨ ᠴᠠᠭᠳᠠᠭ᠎ᠠ ᠬᠤᠯᠪᠣᠭᠠᠯᠠᠨ ᠬᠥᠳᠡᠯᠦᠯᠴᠡᠵᠦ᠂ ᠭᠤᠤᠯᠳᠠᠯᠭ᠎ᠠ ᠲᠠᠢ ᠵᠠᠮ᠂ ᠭᠤᠤᠯᠳᠠᠯᠭ᠎ᠠ ᠲᠠᠢ ᠣᠷᠣᠨ ᠪᠦᠰᠡ ᠳᠤ ︽ᠴᠡᠭ ᠲᠣᠭᠲᠠᠭᠠᠨ ᠵᠢᠵᠢᠭᠦᠷᠯᠡᠵᠦ᠂ ᠬᠥᠳᠡᠯᠦᠩᠭᠦᠶ ᠪᠠᠷ ᠲᠣᠭᠤᠷᠢᠨ ᠴᠠᠭᠳᠠᠬᠤ︾ ᠠᠷᠭ᠎ᠠ ᠮᠠᠶ᠋ᠢᠭ ᠢ ᠠᠪᠴᠤ ᠪᠠᠶᠢᠭᠠᠳ ᠴᠠᠭᠳᠠᠭᠠᠨ ᠤ ᠬᠦᠴᠦᠨ ᠢ ᠳᠣᠭᠢᠷᠠᠭᠤᠯᠤᠨ᠂ ᠬᠥᠮᠦᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ ᠶᠢ ᠪᠡᠶᠡᠯᠡᠭᠦᠯᠵᠦ᠂ ᠨᠢᠭᠡ ᠢᠵᠢ ᠡᠷᠡᠰ ᠴᠢᠩᠭ᠎ᠠ ᠬᠦᠴᠦᠲᠡᠶ ᠠᠮᠤᠷ ᠢ ᠬᠠᠮᠠᠭᠠᠯᠠᠬᠤ ︽ᠬᠠᠮ ᠨᠢᠳᠤᠷᠭ᠎ᠠ︾ ᠶᠢ ᠪᠦᠷᠢᠯᠳᠦᠭᠦᠯᠪᠡ᠃
安保15.jpg  
     ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠴᠠᠭᠳᠠᠭ᠎ᠠ ᠪᠠᠨ ᠳᠠᠶᠢᠴᠢᠯᠠᠨ᠂ ᠪᠦᠬᠦ ᠬᠦᠴᠦ ᠪᠠᠷ ᠢᠶᠠᠨ ᠴᠢᠷᠮᠠᠶᠢᠪᠠ᠃ ᠬᠤᠸᠠᠷ ᠫᠤᠤᠵᠢᠩ ᠤᠨ ᠨᠠᠶᠢᠷ ᠤᠨ ᠨᠢᠭᠡᠳᠦᠭᠡᠷ ᠣᠷᠣᠶ᠂ ᠲᠤᠤ ᠮᠠ ᠭᠸᠤ ᠦᠵᠡᠮᠵᠢ ᠶᠢᠨ ᠣᠷᠣᠨ ᠵᠢᠴᠢ ᠡᠷᠬᠢᠨ ᠲᠣᠭᠤᠷᠢᠨ ᠤ ᠦᠵᠡᠭᠴᠢᠳ 6000 ᠭᠠᠷᠤᠶ ᠬᠥᠮᠦᠨ ᠪᠠᠶᠢᠵᠤ᠂ ᠡᠭᠦᠨ ᠳᠤ᠂ ᠭᠤᠤᠯ ᠲᠣᠭᠤᠷᠢᠭ ᠲᠤ 4500 ᠭᠠᠷᠤᠶ ᠬᠥᠮᠦᠨ ᠪᠠᠶᠢᠪᠠ᠃ ᠳᠠᠷᠬᠠᠨ ᠮᠤᠤᠮᠢᠩᠭᠠᠨ ᠬᠤᠯᠪᠣᠭᠠᠲᠤ ᠤᠯᠤᠰ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠬᠠᠶ ᠶᠢᠨ ᠲᠠᠯᠠᠪᠠᠶ ᠳᠤ 120 ᠴᠠᠭᠳᠠᠭ᠎ᠠ ᠲᠤᠮᠢᠯᠠᠨ᠂ ᠲᠣᠪᠴᠢᠶᠠᠨ ᠳᠤ ᠪᠡᠯᠡᠳᠭᠡᠯ ᠵᠢᠵᠢᠭᠦᠷᠯᠡᠬᠦ 120 ᠴᠠᠭᠳᠠᠭ᠎ᠠ ᠴᠤᠭᠯᠠᠭᠤᠯᠵᠤ᠂ 20 ᠭᠠᠷᠤᠶ ᠴᠠᠭᠳᠠᠭᠠᠨ ᠤ ᠲᠡᠷᠭᠡ ᠬᠥᠳᠡᠯᠭᠡᠵᠡᠶ᠃ ᠠᠩᠬᠠᠨ ᠤ ᠡᠳᠦᠷ ᠠᠮᠤᠷ ᠢ ᠬᠠᠮᠠᠭᠠᠯᠠᠬᠤ ᠠᠵᠢᠯ ᠳᠤ ᠠᠯᠳᠠᠭ᠎ᠠ ᠪᠤᠷᠤᠭᠤ ᠠᠳᠡᠯ ᠭᠠᠷᠤᠭᠰᠠᠨ ᠥᠬᠡᠶ᠂ ᠲᠤᠬᠠᠶ ᠶᠢᠨ ᠲᠠᠯᠠᠪᠠᠶ ᠶᠢᠨ ᠠᠮᠤᠷ ᠢ ᠬᠠᠮᠠᠭᠠᠯᠠᠬᠤ ᠠᠵᠢᠯ ᠤᠨ ᠡᠮᠬᠢ ᠵᠢᠷᠤᠮ ᠲᠠᠢ ᠲᠤᠭᠳᠠᠭᠤᠨ ᠪᠠᠶᠢᠵᠤ᠂ ᠠᠷᠠᠳ ᠣᠯᠠᠨ ᠪᠠᠶᠠᠷᠯᠠᠬᠤ᠂ ᠳᠣᠭᠳᠣᠯᠬᠤ᠂ ᠠᠮᠤᠷ ᠲᠠᠶᠢᠪᠤᠩ ᠠᠭᠤᠷ ᠠᠮᠢᠰᠬᠤᠯ ᠤᠨ ᠳᠤᠮᠳᠠ ᠪᠠᠶᠠᠰᠤᠯᠴᠠᠨ ᠮᠠᠷᠲᠠᠭᠳᠠᠰᠢ ᠥᠬᠡᠶ ᠨᠢᠭᠡ ᠰᠥᠨᠢ ᠶᠢ ᠥᠩᠭᠡᠷᠡᠭᠦᠯᠪᠡ᠃  
ᠢᠷᠡᠯᠲᠡ᠄ ᠪᠤᠭᠤᠲᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ