ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠮᠤᠷᠢᠳᠤ ᠴᠠᠭᠳᠠᠭᠠᠨ ᠤ ᠤᠬᠠᠭᠤᠯᠭ᠎ᠠ ᠶᠢᠨ ᠠᠩᠭᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠦᠷᠴᠦ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/31
      ᠣᠶᠢᠷ᠎ᠠ ᠳᠤ᠂ ᠪᠤᠭᠤᠳᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠰᠦᠷᠳᠡᠭᠦᠯᠦᠯ ᠢ ᠡᠰᠡᠷᠭᠦᠴᠡᠬᠦ ᠮᠤᠷᠢᠳᠤ ᠴᠠᠭᠳᠠᠭ᠎ᠠ ᠶᠢᠨ ᠤᠬᠠᠭᠤᠯᠭ᠎ᠠ ᠶᠢᠨ ᠠᠩᠭᠢ ᠶᠢ ᠪᠠᠶᠢᠭᠤᠯᠵᠤ᠂ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃
反恐宣传1.jpg  
      7 ᠳ᠋ᠤᠭᠠᠷ ᠰᠠᠷ᠎ᠠ ᠶᠢᠨ 4 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠤᠨ ᠰᠢᠷᠠᠮᠥ᠋ᠷᠡᠨ ᠪᠠᠯᠭᠠᠰᠤᠨ ᠤ ᠬᠤᠩᠭᠤᠷ ᠣᠪᠣᠭ᠎ᠠ ᠦᠵᠡᠮᠵᠢ ᠶᠢᠨ ᠣᠷᠣᠨ ᠳᠤ ᠭᠦᠨᠵᠡᠭᠡᠶᠢᠷᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢ ᠢᠳᠡᠪᠬᠢᠲᠡᠶ ᠤᠬᠠᠭᠤᠯᠪᠠ᠃ ᠡᠨᠡ ᠬᠤᠭᠤᠴᠠᠭᠠᠨ ᠳᠤ᠂ ᠠᠷᠠᠳ ᠤᠨ ᠴᠠᠭᠳᠠᠭ᠎ᠠ ᠲᠥᠬᠦᠮ ᠣᠶᠢᠯᠠᠭᠠᠮᠵᠢᠲᠠᠶ ᠮᠣᠩᠭᠤᠯ ᠬᠢᠲᠠᠳ ᠬᠤᠤᠰ ᠬᠡᠯᠡ ᠪᠠᠷ ᠳᠠᠮᠵᠢᠭᠤᠯᠤᠨ᠂ ᠦᠵᠡᠮᠵᠢ ᠶᠢᠨ ᠣᠷᠣᠨ ᠤ ᠵᠢᠭᠤᠯᠴᠢᠯᠠᠭᠴᠢᠳ᠂ ᠮᠠᠯᠴᠢᠳ᠂ ᠲᠣᠭᠯᠠᠭᠴᠢᠳ ᠲᠤ ᠰᠦᠷᠳᠡᠭᠦᠯᠦᠯ ᠳᠤ ᠬᠤᠯᠪᠣᠭᠳᠠᠭᠰᠠᠨ ᠰᠡᠵᠢᠭᠯᠡᠯᠲᠡᠶ ᠬᠥᠮᠦᠰ ᠢ ᠬᠡᠷᠬᠢᠨ ᠢᠯᠭᠠᠨ ᠲᠠᠨᠢᠬᠤ᠂ ᠰᠦᠷᠳᠡᠭᠦᠯᠦᠯ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠡᠷᠬᠢᠨ ᠬᠢᠬᠦ ᠵᠢᠴᠢ ᠣᠯᠠᠨ ᠨᠡᠶᠢᠲᠡ ᠶᠢᠨ ᠲᠠᠯᠠᠪᠤᠷ ᠲᠤ ᠰᠦᠷᠳᠡᠭᠦᠯᠦᠯ ᠤᠨ ᠲᠠᠭᠠᠷᠢᠯᠲᠠ ᠳᠤ ᠤᠴᠠᠷᠠᠪᠠᠯ ᠬᠡᠷᠬᠢᠨ ᠥᠪᠡᠷ ᠢ ᠪᠠᠨ ᠠᠪᠤᠷᠠᠵᠤ ᠬᠠᠷᠢᠯᠴᠠᠨ ᠠᠪᠤᠷᠬᠠᠤ ᠵᠡᠷᠭᠡ ᠰᠦᠷᠳᠡᠭᠦᠯᠦᠯ ᠢ ᠡᠰᠡᠷᠭᠦᠴᠡᠬᠦ ᠪᠠ ᠰᠡᠷᠭᠡᠶᠢᠯᠡᠬᠦ ᠮᠡᠳᠡᠯᠭᠡ ᠶᠢᠨ ᠠᠭᠤᠯᠭ᠎ᠠ ᠶᠢ ᠤᠬᠠᠭᠤᠯᠵᠤ᠂ ᠣᠯᠠᠨ ᠲᠦᠮᠡᠨ ᠤ ᠰᠦᠷᠳᠡᠭᠦᠯᠦᠯ ᠢ ᠲᠠᠨᠢᠵᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠣᠯᠠᠨ ᠲᠦᠮᠡᠨ ᠢ ᠸᠢᠴᠠᠲ ᠢᠶᠠᠷ ᠳᠠᠮᠵᠢᠭᠤᠯᠤᠨ ᠥᠪᠥᠷ ᠮᠣᠩᠭᠤᠯ ᠤᠨ ᠰᠦᠷᠳᠡᠭᠦᠯᠦᠯ ᠢ ᠡᠰᠡᠷᠭᠦᠴᠡᠬᠦ ᠣᠯᠠᠨ ᠨᠡᠶᠢᠲᠡ ᠶᠢᠨ ᠳ᠋ᠤᠭᠠᠷ ᠢ ᠠᠩᠬᠠᠷᠤᠭᠤᠯᠪᠠ᠃
 反恐宣传5.jpg  
      ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠨᠢ ᠵᠢᠭᠤᠯᠴᠢᠯᠠᠭᠴᠢᠳ᠂ ᠮᠠᠯᠴᠢᠳ᠂ ᠲᠣᠭᠯᠠᠭᠴᠢᠳ ᠲᠤ ᠰᠦᠷᠳᠡᠭᠦᠯᠬᠦ ᠦᠵᠡᠯ ᠤᠨ ᠬᠤᠤᠷ ᠬᠥᠨᠥᠭᠡᠯ ᠢ ᠭᠦᠨᠵᠡᠭᠡᠶ ᠲᠠᠨᠢᠭᠤᠯᠵᠤ᠂ ᠣᠯᠠᠨ ᠲᠦᠮᠡᠨ ᠤ ᠭᠡᠨᠡᠳᠲᠡ ᠶᠢᠨ ᠬᠡᠷᠡᠭ ᠲᠤ ᠬᠠᠨᠳᠤᠬᠤ ᠠᠷᠭᠠᠴᠠᠬᠤ ᠴᠢᠳᠠᠪᠤᠷᠢ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠰᠦᠷᠳᠡᠭᠦᠯᠦᠯ ᠢ ᠡᠰᠡᠷᠭᠦᠴᠡᠬᠦ ᠪᠠ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠰᠦᠷᠳᠡᠭᠦᠯᠦᠯ ᠢ ᠡᠰᠡᠷᠭᠦᠴᠡᠬᠦ ᠪᠠ ᠰᠡᠷᠭᠡᠶᠢᠯᠡᠬᠦ ᠠᠵᠢᠯ ᠳᠤ ᠪᠥᠬᠦ ᠠᠷᠠᠳ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶᠠᠲᠤ ᠣᠷᠣᠨ ᠤ ᠰᠦᠷᠳᠡᠭᠦᠯᠦᠯ ᠢ ᠡᠰᠡᠷᠭᠦᠴᠡᠬᠦ ᠪᠠ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃    
ᠢᠷᠡᠯᠲᠡ᠄ ᠪᠤᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ