ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠢ ᠵᠤᠴᠢᠳ ᠤᠨ ᠪᠠᠭᠤᠲᠠᠯ ᠤᠨ ᠬᠢᠵᠢᠭ ᠤᠨ ᠪᠠᠶᠢᠲᠠᠯ ᠢ ᠰᠡᠷᠭᠡᠶᠢᠯᠡᠨ ᠡᠵᠡᠮᠲᠡᠬᠦ ᠠᠵᠢᠯ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/8/31
     ᠬᠢᠵᠢᠭ ᠤᠨ ᠪᠠᠶᠢᠲᠠᠯ ᠢ ᠰᠡᠷᠭᠡᠶᠢᠯᠡᠨ ᠡᠵᠡᠮᠲᠡᠬᠦ ᠠᠵᠢᠯ ᠢ ᠪᠦᠬᠦ ᠲᠠᠯ᠎ᠠ ᠪᠠᠷ ᠴᠢᠩᠭ᠎ᠠ ᠮᠦᠷᠲᠡᠭᠡᠨ ᠨᠢᠮᠪᠡᠢ ᠰᠠᠶᠢᠲᠤᠷ ᠠᠳᠬᠤᠨ᠂ ᠵᠤᠴᠢᠳ ᠤᠨ ᠪᠠᠭᠤᠲᠠᠯ ᠤᠨ ᠬᠢᠵᠢᠭ ᠤᠨ ᠪᠠᠶᠢᠲᠠᠯ ᠢ ᠰᠡᠷᠭᠡᠶᠢᠯᠡᠨ ᠡᠵᠡᠮᠲᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 2022 ᠤᠨ ᠤ 8 ᠰᠠᠷ᠎ᠠ ᠶᠢᠨ 12 ᠠᠴᠠ 13 ᠤ ᠡᠲᠥᠷ ᠪᠤᠯᠲᠠᠯ᠎ᠠ᠂ ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠲᠠᠭ᠎ᠠ ᠶᠢ ᠵᠤᠬᠢᠶᠠᠨ ᠪᠠᠶᠢᠭᠤᠯᠤᠨ᠂ ᠵᠤᠨ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ︽ᠵᠠᠭᠤᠨ ᠡᠲᠥᠷ ᠤᠨ ᠠᠵᠢᠯᠯᠠᠭ᠎ᠠ︾ ᠲᠠᠢ ᠤᠶᠠᠯᠳᠤᠭᠤᠯᠤᠨ᠂ ᠬᠠᠷᠢᠶᠠᠲᠤ ᠤᠷᠤᠨ  ᠤ ᠵᠤᠴᠢᠳ ᠤᠨ ᠪᠠᠭᠤᠲᠠᠯ ᠢ ᠪᠦᠬᠦ ᠲᠠᠯ᠎ᠠ ᠪᠠᠷ ᠪᠠᠶᠢᠴᠠᠭᠠᠬᠤ ᠠᠵᠢᠯᠯᠠᠭ᠎ᠠ ᠦᠷᠨᠢᠬᠦᠯᠪᠡ᠃     ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠨᠢ ᠭᠤᠤᠯᠳᠠᠭᠤ ᠵᠤᠴᠢᠳ ᠤᠨ ᠪᠠᠭᠤᠲᠠᠯ ᠤᠨ ᠠᠮᠤᠷ ᠳᠥᠪᠰᠢᠨ ᠤ ᠬᠠᠮᠢᠶᠠᠷᠤᠯᠲᠠ ᠶᠢᠨ ᠪᠠᠶᠢᠲᠠᠯ᠂ ᠬᠢᠵᠢᠭ ᠢ ᠰᠡᠷᠭᠡᠶᠢᠯᠡᠬᠦ ᠡᠳ᠋ ᠪᠤᠲᠠᠰ ᠤᠨ ᠨᠦᠭᠡᠴᠡ ᠶᠢᠨ ᠪᠠᠶᠢᠲᠠᠯ᠂ ᠠᠵᠢᠯᠴᠢᠳ ᠤᠨ ᠪᠦᠬᠡᠮ ᠬᠦᠴᠢᠯ ᠤᠨ ᠪᠠᠶᠢᠴᠠᠭᠠᠯᠲᠠ ᠶᠢᠨ ᠪᠠᠶᠢᠲᠠᠯ᠂ ᠪᠠᠭᠤᠲᠠᠯ ᠤᠨ ᠪᠦᠬᠦᠶᠢᠯᠡ ᠤᠷᠴᠢᠨ ᠲᠣᠭᠤᠷᠢᠠ᠂ ᠡᠲᠤᠷ ᠲᠤᠲᠤᠮ ᠤᠨ ᠭᠡᠷᠡᠭᠯᠡᠭᠡᠨ ᠤ ᠪᠤᠲᠠᠰ ᠤᠨ ᠠᠷᠢᠭᠤᠳᠬᠠᠯ ᠤᠨ ᠳᠡᠮᠳᠡᠭᠯᠡᠯ᠂ ᠪᠠᠭᠤᠲᠠᠯ ᠳᠤ ᠰᠠᠭᠤᠭᠰᠠᠳ ᠤᠨ ᠪᠦᠷᠢᠳᠬᠡᠯ  ᠤᠨ ᠬᠦᠰᠤᠨᠤᠭ᠍ᠲᠥ ᠵᠢᠴᠢ ᠭᠠᠯ ᠰᠠᠷᠭᠡᠶᠢᠯᠡᠬᠦ ᠠᠮᠤᠷ ᠳᠥᠪᠰᠢᠨ ᠤ ᠳᠦᠬᠦᠬᠡᠷᠥᠮᠵᠢ ᠵᠡᠷᠭᠡ ᠲᠠᠯ᠎ᠠ ᠪᠠᠷ ᠪᠠᠶᠢᠴᠠᠭᠠᠬᠤ ᠶᠢᠨ ᠲᠠᠭᠠᠤ ᠳᠤ ᠡᠵᠡᠩᠨᠡᠯᠲᠡ ᠬᠠᠮᠢᠶᠠᠷᠤᠯᠲᠠ ᠶᠢᠨ ᠭᠤᠤᠯ ᠴᠤᠭᠴᠠ ᠳᠤ ᠬᠢᠵᠢᠭ ᠤᠨ ᠪᠠᠶᠢᠲᠠᠯ ᠢ ᠰᠡᠷᠭᠡᠶᠢᠯᠡᠨ ᠡᠵᠡᠮᠲᠡᠬᠦ ᠬᠠᠷᠢᠭᠤᠴᠠᠯᠭ᠎ᠠ ᠶᠢ ᠦᠨᠡᠨ ᠬᠦ ᠨᠠᠶᠢᠲᠠᠪᠤᠷᠢᠵᠢᠭᠤᠯᠵᠤ᠂ ︽ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠬᠦᠬᠦ᠂ ᠺᠤᠳ᠋ ᠰᠢᠷᠪᠢᠬᠦ︾ ᠵᠡᠷᠭᠡ ᠬᠠᠮᠢᠶ᠎ᠠ ᠪᠦᠬᠦᠢ ᠲᠤᠭᠲᠠᠭᠠᠯ ᠢ ᠴᠢᠩᠭ᠎ᠠ ᠬᠡᠷᠡᠭᠵᠢᠬᠦᠯᠬᠦ ᠭᠡᠷᠡᠭᠲᠠᠢ ᠶᠢ ᠰᠠᠨᠠᠭᠤᠯᠣᠠ ᠪᠠᠶᠢᠴᠠᠭᠠᠪᠠ᠃                      ︵ᠴ᠊᠂ ᠰᠣᠳᠣᠪᠢᠯᠢᠭ᠌᠂ ᠣᠶᠠᠰᠣᠨ᠎ᠠ ᠮᠡᠳᠡᠬᠡᠯᠡᠪᠡ︶      
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ