ᠰᠠᠶᠢᠨ ᠴᠠᠭᠳᠠᠭ᠎ᠠ — ᠵᠦ ᠰᠢᠶᠠᠨ ᠵᠢᠩ
ᠨᠡᠶᠢᠲᠡᠯᠡᠭᠰᠡᠨ ᠴᠠᠭ᠄
2022/8/31
      ᠵᠦ ᠰᠢᠶᠠᠨ ᠵᠢᠩ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠳᠠᠨᠲᠣᠬᠤᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠠᠶᠢᠵᠤ᠂ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ 2021 ᠣᠨ ᠤ 8 ᠳ᠋ᠤᠭᠠᠷ ᠰᠠᠷ᠎ᠠ ᠳᠤ ᠤᠳᠠᠨᠲᠣᠬᠤᠢ ᠶᠢᠨ ᠭᠤᠣᠯ ᠲᠣᠰᠬᠤᠨ ᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠂ ᠲᠡᠷᠡ ᠦᠶ᠎ᠡ ᠠᠴᠠ ᠡᠬᠢᠯᠡᠨ᠂ ᠵᠦ ᠰᠢᠶᠠᠨ ᠵᠢᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠲᠣᠰᠬᠤᠨ ᠤ ᠠᠷᠠᠳ ᠤᠨ ᠵᠥᠪᠯᠡᠯ ᠤᠨ ᠪᠦᠷᠢᠯᠳᠦᠬᠦᠨ ᠲᠠᠢ ᠬᠠᠮᠲᠤ ᠰᠢᠷᠭᠠᠭᠤ ᠬᠢᠴᠢᠶᠡᠩᠭᠦᠢ᠂ ᠯᠠᠪᠳᠠᠭᠤᠨ ᠪᠠᠲᠤᠲᠠᠢ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠶᠤᠯ ᠲᠦᠭᠰᠢᠭᠦᠷᠢ ᠶᠢ ᠲᠡᠳᠬᠦᠨ ᠬᠦᠴᠢᠷᠳᠡᠯᠲᠡᠢ ᠬᠥᠮᠦᠰ ᠢ ᠲᠤᠰᠠᠯᠠᠬᠤ ᠠᠵᠢᠯ ᠳᠤ ᠣᠷᠣᠯᠴᠠᠵᠤ᠂ ᠵᠢᠵᠢᠭ ᠰᠠᠵᠢᠭ ᠶᠠᠪᠤᠳᠠᠯ ᠤᠨ ᠳᠤᠮᠳᠠ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ᠂ ᠰᠠᠶᠢᠨ ᠶᠠᠪᠤᠳᠠᠯ ᠬᠢᠬᠦ ᠳᠤ ᠪᠠᠨ ᠨᠡᠶᠢᠲᠡ ᠶᠢᠨ ᠲᠥᠯᠥᠭᠡ ᠴᠠᠭᠳᠠᠭ᠎ᠠ ᠪᠣᠯᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠮᠥᠨ ᠴᠢᠨᠠᠷ ᠢ ᠮᠠᠷᠲᠠᠬᠤ ᠦᠭᠡᠢ ᠪᠠᠶᠢᠬᠤ ᠶᠢ ᠵᠥᠩᠨᠡᠪᠡ᠃
01.jpg    
      ᠡᠨᠡ ᠵᠢᠯ ᠤᠨ 7 ᠳ᠋ᠤᠭᠠᠷ ᠰᠠᠷ᠎ᠠ ᠶᠢᠨ 21 ᠤ ᠤᠷᠤᠢ᠂ ᠵᠦ ᠱᠦᠵᠢ ᠲᠣᠰᠬᠤᠨ ᠳᠤ ᠪᠠᠨ ᠠᠵᠢᠯᠯᠠᠵᠤ ᠪᠠᠷᠠᠮᠠᠭᠴᠠ ᠵᠡᠭᠡᠯᠢ ᠪᠠᠷ ᠲᠣᠭᠤᠷᠢᠨ ᠴᠠᠭᠳᠠᠬᠤ ᠠᠵᠢᠯ ᠳᠤ ᠣᠷᠣᠯᠴᠠᠪᠠ᠂ ᠡᠨᠡ ᠬᠤᠭᠤᠴᠠᠭᠠᠨ ᠳᠤ ᠪᠣᠰᠣᠳ ᠤᠨ ᠭᠠᠷ ᠤᠲᠠᠰᠤ ᠬᠤᠯᠠᠭᠠᠶᠢᠯᠠᠭᠳᠠᠭᠰᠠᠨ ᠲᠦᠭᠰᠢᠭᠦᠷᠢ ᠮᠡᠳᠡᠭᠦᠯᠦᠯᠲᠡ ᠶᠢ ᠲᠣᠰᠪᠠ᠂ ᠵᠦ ᠱᠦᠵᠢ ᠲᠠᠶᠢᠴᠢᠨ ᠨᠥᠬᠦᠳ ᠲᠠᠢ ᠪᠠᠨ ᠨᠠᠷᠢᠨ ᠣᠨᠣᠪᠴᠢᠲᠠᠢ ᠰᠤᠳᠤᠯᠤᠨ ᠮᠠᠭᠠᠳᠯᠠᠵᠤ᠂ ᠬᠡᠷᠡᠭ ᠤᠨ ᠰᠡᠵᠢᠭᠳᠡᠨ ᠢ ᠳᠠᠷᠤᠢ ᠲᠦᠷᠭᠡᠨ ᠢᠯᠡᠷᠡᠭᠦᠯᠵᠦ᠂ ᠨᠢᠭᠡ ᠯᠡ ᠴᠠᠭ ᠤᠨ ᠳᠣᠲᠣᠷ᠎ᠠ ᠠᠮᠵᠢᠯᠲᠠ ᠲᠠᠢ ᠢᠯᠡᠷᠡᠭᠦᠯᠵᠦ᠂ ᠬᠠᠤᠯᠢ ᠠᠴᠠ ᠵᠥᠷᠢᠴᠡᠭᠰᠡᠨ ᠰᠡᠵᠢᠭᠳᠡᠨ ᠢ ᠪᠠᠷᠢᠪᠴᠢᠯᠠᠪᠠ᠃      ᠡᠨᠡ ᠵᠢᠯ ᠤᠨ 7 ᠳ᠋ᠤᠭᠠᠷ ᠰᠠᠷ᠎ᠠ ᠶᠢᠨ 26 ᠤ ᠡᠳᠦᠷ᠂ ᠯᠢᠶᠣᠤᠨᠢᠩ ᠮᠤᠵᠢ ᠳᠤ ᠨᠤᠲᠤᠭ ᠲᠠᠢ ᠶᠠᠩ ᠣᠪᠣᠭᠲᠤ ᠲᠤᠰ ᠭᠠᠵᠠᠷ ᠤᠨ ᠭᠤᠣᠯ ᠲᠣᠰᠬᠤᠨ ᠤ ᠲᠢᠶᠠᠨ ᠣᠪᠣᠭᠲᠤ ᠲᠠᠢ ᠲᠡᠷᠭᠡ ᠵᠢᠯᠣᠭᠤᠳᠬᠤ ᠳᠤ ᠪᠠᠨ ᠱᠦᠷᠭᠦᠭᠡᠯᠳᠦᠵᠦ᠂ ᠬᠡᠳᠦ᠋ᠢᠪᠡᠷ ᠬᠤᠶᠠᠷ ᠲᠠᠯ᠎ᠠ ᠪᠠᠷ ᠢᠶᠠᠨ ᠰᠢᠷᠬᠠᠲᠤᠭᠰᠠᠨ ᠦᠭᠡᠢ ᠪᠣᠯᠪᠠᠴᠤ ᠮᠥᠨ ᠯᠡ ᠵᠣᠭᠰᠣᠯ ᠦᠭᠡᠢ ᠮᠠᠷᠭᠤᠯᠳᠤᠵᠤ᠂ ᠬᠡᠷᠪᠡ ᠴᠠᠭ ᠲᠤᠬᠠᠢ ᠳᠤ ᠨᠢ ᠰᠢᠢᠳᠪᠦᠷᠢᠯᠡᠬᠦ ᠦᠭᠡᠢ ᠪᠣᠯ ᠠᠮᠠᠷᠬᠠᠨ ᠬᠡᠷᠡᠭᠦᠯ ᠵᠠᠭᠤᠷᠠᠭᠠᠨ ᠡᠭᠦᠰᠦᠨ᠎ᠡ᠃ ᠵᠦ ᠱᠦᠵᠢ ᠮᠡᠳᠡᠭᠰᠡᠨ ᠤ ᠲᠠᠷᠠᠭ᠎ᠠ᠂ ᠳᠠᠷᠦ᠋ᠢᠬᠠᠨ ᠲᠤᠬᠠᠢ ᠶᠢᠨ ᠲᠠᠯᠠᠪᠠᠢ ᠳᠤ ᠬᠦᠷᠴᠦ ᠢᠳᠬᠠᠨ ᠨᠠᠮᠳᠠᠭᠤᠯᠵᠤ᠂ ᠲᠣᠰᠬᠤᠨ ᠤ ᠨᠢᠭᠡᠳᠦᠭᠡᠷ ᠱᠦᠵᠢ ᠪᠣᠯᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠳᠠᠪᠬᠤᠷ ᠠᠵᠢᠯ ᠤᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠵᠤ᠂ ᠦᠨᠡᠨ ᠰᠡᠳᠬᠢᠯ ᠠᠴᠠ ᠪᠠᠨ ᠶᠣᠰᠣ ᠶᠠᠷᠢᠬᠤ ᠪᠣᠯᠤᠨ ᠬᠡᠷᠡᠭ ᠤᠨ ᠵᠢᠱᠢᠶ᠎ᠡ ᠪᠠᠷ ᠬᠠᠤᠯᠢ ᠶᠠᠷᠢᠬᠤ ᠶᠢ ᠪᠦᠲᠦᠮᠵᠢᠲᠡᠢ ᠤᠶᠠᠯᠳᠤᠭᠤᠯᠵᠤ᠂ ᠬᠤᠶᠠᠷ ᠲᠠᠯ᠎ᠠ ᠪᠠᠷ ᠢᠶᠠᠨ ᠡᠴᠦᠰ ᠲᠤ ᠪᠠᠨ ᠭᠠᠷ ᠠᠳᠬᠤᠵᠤ ᠡᠶᠡᠳᠡᠵᠡᠢ᠃
03.jpg    
      ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠲᠡᠷᠡ ᠵᠣᠬᠢᠶᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠣᠰᠬᠤᠨ ᠳᠤ ᠰᠠᠭᠤᠭ᠎ᠠ ᠠᠵᠢᠯ ᠤᠨ ᠪᠠᠶᠢᠷᠢ ᠳᠤ ᠪᠠᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠪᠡ᠂ ᠭᠡᠪᠡᠴᠦ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠮᠠᠷᠲᠠᠯ ᠦᠭᠡᠢ᠂ ᠠᠵᠢᠯ ᠠᠴᠠ ᠪᠠᠨ ᠪᠠᠭᠤᠭᠰᠠᠨ ᠤ ᠲᠠᠷᠠᠭ᠎ᠠ᠂ ᠪᠠᠶᠠᠷ ᠳᠤᠷᠠᠰᠬᠠᠯ ᠤᠨ ᠡᠳᠦᠷ᠂ ᠭᠠᠷᠠᠭ ᠤᠨ ᠰᠡᠭᠦᠯᠴᠢ ᠪᠠᠷ ᠠᠮᠠᠷᠠᠬᠤ ᠴᠠᠭ ᠢᠶᠠᠨ ᠠᠰᠢᠭᠯᠠᠨ᠂ ᠤᠯᠠᠨ ᠤᠳᠠᠭ᠎ᠠ ᠰᠠᠨᠠᠭᠠᠴᠢᠯᠠᠭ᠎ᠠ ᠠᠴᠠ ᠪᠠᠨ ᠤᠳᠠᠨᠲᠤᠬᠤᠢ ᠲᠣᠮᠢᠯᠠᠭᠰᠠᠨ ᠰᠠᠯᠪᠤᠷᠢ ᠳᠤ ᠬᠦᠷᠴᠦ ᠵᠢᠵᠢᠭᠦᠷᠯᠡᠨ ᠲᠣᠭᠤᠷᠢᠨ ᠴᠠᠭᠳᠠᠬᠤ ᠠᠵᠢᠯ ᠳᠤ ᠣᠷᠣᠯᠴᠠᠵᠤ᠂ ᠲᠠᠶᠢᠴᠢᠨ ᠨᠥᠬᠦᠳ ᠤᠨ ᠢᠶᠠᠨ ᠡᠮᠦᠨ᠎ᠡ ᠠᠴᠠ ᠨᠢᠭᠡ ᠬᠤᠪᠢ ᠬᠠᠷᠢᠭᠤᠴᠠᠯᠭ᠎ᠠ ᠡᠭᠦᠷᠭᠡᠯᠡᠪᠡ᠂ ᠡᠨᠡ ᠪᠣᠯ ᠳᠠᠷᠤᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ ᠰᠠᠶᠢᠨ ᠵᠠᠩ ᠰᠤᠷᠲᠠᠯ ᠪᠣᠯᠤᠨ᠎ᠠ᠂ ᠨᠡᠩ ᠴᠤ ᠳᠣᠲᠣᠭᠠᠳᠤ ᠶᠢ ᠬᠠᠮᠠᠭᠠᠯᠠᠬᠤ ᠠᠵᠢᠯ ᠳᠤ ᠦᠨᠡᠨᠴᠢ ᠰᠢᠳᠤᠷᠭᠤ ᠬᠠᠶᠢᠷ᠎ᠠ ᠰᠡᠳᠬᠢᠯᠭᠡ ᠲᠠᠢ ᠪᠠᠶᠢᠭ᠎ᠠ ᠶᠢ ᠬᠠᠷᠠᠭᠤᠯᠵᠤ ᠪᠠᠶᠢᠭ᠎ᠠ ᠶᠤᠮ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ