ᠡᠵᠡᠨ ᠬᠤᠷᠤᠭ᠎ᠠ ᠲᠣᠮᠢᠯᠠᠭᠰᠠᠨ ᠰᠠᠯᠪᠤᠷᠢ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ ᠬᠠᠷᠢᠶᠠᠲᠤ ᠣᠷᠣᠨ ᠤ ᠡᠶ᠎ᠡ ᠵᠣᠬᠢᠴᠠᠩᠭᠤᠶ ᠲᠣᠭᠲᠠᠭᠤᠨ ᠢ ᠠᠬᠢᠭᠤᠯᠪᠠ
ᠨᠡᠶᠢᠲᠡᠯᠡᠭᠰᠡᠨ ᠴᠠᠭ᠄
2022/9/1
      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠠᠬᠢᠭᠤᠯᠬᠤ᠂ ᠬᠠᠷᠢᠶ᠎ᠠ ᠣᠷᠣᠨ ᠤ ᠳᠣᠲᠣᠷ᠎ᠠ ᠴᠢᠩᠭ᠎ᠠ ᠴᠣᠬᠢᠯᠲᠠ ᠥᠭᠬᠦ ᠬᠦᠴᠦᠷᠬᠡᠭ ᠶᠡᠭᠡ ᠰᠦᠷ ᠬᠦᠴᠦᠨ ᠪᠠ ᠴᠡᠭᠴᠡᠯᠡᠨ ᠵᠠᠰᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠷᠳᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠤᠪᠴᠢᠶᠠᠨ ᠤ ᠡᠵᠡᠨ ᠬᠤᠷᠤᠭ᠎ᠠ ᠲᠣᠮᠢᠯᠠᠭᠰᠠᠨ ᠰᠠᠯᠪᠤᠷᠢ ᠶᠢᠨ ᠬᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠨ ᠵᠣᠬᠢᠶᠠᠨ ᠪᠠᠶᠢᠭᠤᠯᠵᠤ ︽ᠴᠠᠬᠢᠯᠭᠠᠨ ᠬᠤᠯᠪᠣᠭᠠᠨ ᠤ ᠮᠡᠬᠡᠯᠡᠯ︾ ᠢ ᠰᠡᠷᠭᠡᠶᠢᠯᠡᠬᠦ᠂ ︽ᠨᠠᠰᠤᠵᠢᠯ ᠤᠨ ᠠᠰᠠᠷᠠᠮᠵᠢ ᠶᠢᠨ ᠮᠡᠬᠡᠯᠡᠯ︾ ᠳᠤ ᠴᠣᠬᠢᠯᠲᠠ ᠥᠭᠬᠦ᠂ ︽ᠱᠠᠯᠢᠭ ᠵᠠᠪᠬᠠᠶ᠂ ᠵᠣᠭᠤᠰ ᠮᠦᠷᠦᠶᠢᠴᠡᠬᠦ᠂ ᠬᠤᠤᠷᠲᠤ ᠡᠳ᠋ ᠫᠠᠨᠽᠠᠯᠠᠵᠤ ᠡᠳ᠋ᠯᠡᠬᠦ︾ ᠳᠤ ᠴᠣᠬᠢᠯᠲᠠ ᠥᠭᠬᠦ ᠲᠤᠰᠬᠠᠶ ᠠᠵᠢᠯ ᠢ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠲᠠᠢ ᠤᠶᠠᠯᠳᠤᠭᠤᠯᠵᠤ᠂ ᠡᠳᠦᠷ ᠲᠤᠲᠤᠮ ᠤᠨ ᠲᠣᠭᠤᠷᠢᠨ ᠴᠠᠭᠳᠠᠬᠤ᠂ ᠬᠥᠳᠡᠭᠡ ᠪᠠᠭᠤᠵᠤ ᠪᠠᠶᠢᠴᠠᠭᠠᠬᠤ ᠶᠠᠪᠤᠴᠠ ᠳᠤ᠂ ᠬᠠᠷᠢᠶ᠎ᠠ ᠣᠷᠣᠨ ᠤ ᠣᠯᠠᠨ ᠲᠦᠮᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠳᠤ ᠬᠠᠮᠢᠶ᠎ᠠ ᠪᠦᠬᠦᠢ ᠬᠠᠤᠯᠢ ᠴᠠᠭᠠᠵᠠ ᠵᠢᠴᠢ ᠲᠤᠬᠠᠶᠢᠯᠠᠭᠰᠠᠨ ᠠᠵᠢᠯ ᠤᠨ ᠯᠠᠪᠯᠠᠯᠭ᠎ᠠ ᠬᠠᠩᠭᠠᠵᠤ᠂ ᠣᠯᠠᠨ ᠲᠦᠮᠡᠨ ᠤ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ ᠪᠤᠢ᠃
微信图片_20220901091622.jpg     
      ᠠᠵᠢᠯᠯᠠᠭ᠎ᠠ ᠶᠢᠨ ᠳᠤᠮᠳᠠ᠂ ᠡᠵᠡᠨ ᠬᠤᠷᠤᠭ᠎ᠠ ᠲᠣᠮᠢᠯᠠᠭᠰᠠᠨ ᠰᠠᠯᠪᠤᠷᠢ ᠨᠢ ᠬᠠᠷᠢᠶᠠᠲᠤ ᠣᠷᠣᠨ ᠤ ᠠᠮᠤᠷ ᠲᠦᠪᠰᠢᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳᠦᠷ ᠪᠦᠷᠢ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠤᠨ᠂ ᠭᠤᠤᠯᠳᠠᠯᠭ᠎ᠠ ᠲᠠᠢ ᠣᠷᠣᠨ ᠪᠦᠰᠡ᠂ ᠮᠠᠭᠤ ᠰᠠᠶᠢᠨ ᠠᠮᠢᠲᠠᠨ ᠳᠠᠯᠳᠠᠯᠠᠨ ᠨᠢᠭᠤᠭᠳᠠᠬᠤ ᠳᠤ ᠠᠮᠠᠷᠬᠠᠨ᠂ ᠬᠠᠤᠯᠢ ᠶᠢ ᠵᠥᠷᠢᠴᠡᠵᠦ ᠶᠠᠯ᠎ᠠ ᠬᠢᠬᠦ ᠶᠠᠪᠤᠳᠠᠯ ᠠᠮᠠᠷᠬᠠᠨ ᠡᠭᠦᠰᠭᠡᠬᠦ ᠭᠤᠤᠯᠳᠠᠯᠭ᠎ᠠ ᠲᠠᠢ ᠲᠠᠯᠠᠪᠤᠷ ᠭᠠᠵᠠᠷ ᠢᠶᠠᠷ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ᠃ ᠣᠳᠣᠬᠠᠨ ᠳᠤ ᠬᠠᠷᠢᠶ᠎ᠠ ᠣᠷᠣᠨ ᠤ ᠵᠢᠭᠤᠯᠴᠢᠯᠠᠯ ᠤᠨ ᠣᠷᠭᠢᠯ ᠤᠨ ᠬᠤᠭᠤᠴᠠᠭ᠎ᠠ ᠨᠢᠭᠡᠨᠲᠡ ᠥᠩᠭᠡᠷᠡᠭᠰᠡᠨ ᠪᠣᠯᠪᠠᠴᠤ ᠮᠥᠨ ᠬᠦ ᠮᠠᠰᠢ ᠣᠯᠠᠨ ᠵᠢᠭᠤᠯᠴᠢᠯᠠᠭᠴᠢ ᠪᠠᠶᠢᠭ᠎ᠠ ᠤᠴᠢᠷ ᠠᠴᠠ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠵᠢᠭᠤᠯᠴᠢᠯᠠᠯ ᠤᠨ ᠣᠷᠣᠨ ᠪᠦᠰᠡ᠂ ᠦᠵᠡᠮᠵᠢ ᠶᠢᠨ ᠭᠠᠵᠠᠷ ᠵᠡᠷᠭᠡ ᠭᠠᠵᠠᠷ ᠲᠤ ᠴᠢᠭᠯᠡᠭᠦᠯᠦᠨ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ ︽ᠴᠠᠭᠳᠠᠭ᠎ᠠ ᠶᠢ ᠣᠯᠵᠤ ᠬᠠᠷᠠᠬᠤ᠂ ᠰᠡᠷᠡᠮᠵᠢ ᠶᠢᠨ ᠳ᠋ᠧᠩ ᠶᠢ ᠣᠯᠵᠤ ᠬᠠᠷᠠᠬᠤ᠂ ᠴᠠᠭᠳᠠᠭᠠᠨ ᠤ ᠲᠡᠷᠭᠡ ᠶᠢ ᠣᠯᠵᠤ ᠬᠠᠷᠠᠬᠤ︾ ᠠᠵᠢᠯᠯᠠᠭ᠎ᠠ ᠶᠢ ᠪᠠᠶᠢᠩᠭᠤ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠡᠵᠡᠨ ᠬᠤᠷᠤᠭ᠎ᠠ ᠶᠢᠨ ᠬᠠᠷᠢᠶ᠎ᠠ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠂ ᠡᠯ᠎ᠡ ᠲᠥᠷᠥᠯ ᠤᠨ ᠮᠠᠭᠤ ᠬᠡᠷᠡᠭ ᠭᠠᠷᠬᠤ ᠠᠴᠠ ᠡᠷᠡᠰ ᠵᠠᠶᠢᠯᠠᠰᠬᠢᠪᠠ᠃
微信图片_20220901091629.jpg
           ᠲᠣᠮᠢᠯᠠᠭᠰᠠᠨ ᠰᠠᠯᠪᠤᠷᠢ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠢᠶᠠᠷ ᠭᠤᠤᠯ ᠰᠡᠳᠦᠪ ᠪᠣᠯᠭᠠᠨ ᠣᠯᠠᠨ ᠲᠦᠮᠡᠨ ᠳᠤ ᠬᠠᠤᠯᠢ ᠪᠠᠷ ᠵᠠᠰᠠᠬᠤ ᠤᠬᠠᠭᠤᠯᠭ᠎ᠠ ᠬᠢᠵᠦ᠂ ᠪᠠᠯᠭᠠᠰᠤ ᠵᠢᠭᠤᠯᠴᠢᠯᠠᠯ ᠤᠨ ᠣᠷᠤᠨ ᠲᠠᠢ ᠬᠠᠮᠲᠤᠷᠠᠨ ᠬᠠᠤᠯᠢ ᠲᠦᠷᠢᠮ ᠤᠨ ᠲᠠᠶᠢᠯᠤᠮᠵᠢ ᠡᠷᠭᠢᠯᠡᠪᠡ︔ ᠡᠷᠦᠬᠡ ᠳᠤ ᠣᠷᠣᠵᠤ ᠰᠤᠷᠪᠤᠯᠵᠢᠯᠠᠬᠤ᠂ ᠵᠡᠭᠡᠯᠢ ᠪᠠᠷ ᠲᠣᠭᠤᠷᠢᠨ ᠴᠠᠭᠳᠠᠬᠤ ᠶᠠᠪᠤᠴᠠ ᠳᠤ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠴᠠᠬᠢᠯᠭᠠᠨ ᠬᠤᠯᠪᠣᠭᠠᠨ ᠤ ᠮᠡᠬᠡᠯᠡᠯ︾ ᠢ ᠰᠡᠷᠭᠡᠶᠢᠯᠡᠬᠦ᠂ ︽ᠱᠠᠯᠢᠭ ᠵᠠᠪᠬᠠᠶ᠂ ᠵᠣᠭᠤᠰ ᠮᠦᠷᠦᠶᠢᠴᠡᠬᠦ᠂ ᠬᠤᠤᠷᠲᠤ ᠡᠳ᠋ ᠫᠠᠨᠽᠠᠯᠠᠵᠤ ᠡᠳ᠋ᠯᠡᠬᠦ︾ ᠳᠤ ᠴᠣᠬᠢᠯᠲᠠ ᠥᠭᠬᠦ᠂ ᠠᠮᠤᠷ ᠢ ᠬᠠᠮᠠᠭᠠᠯᠠᠬᠤ ᠰᠡᠷᠭᠡᠶᠢᠯᠡᠯᠲᠡ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠬᠢᠵᠡᠢ︔ ᠡᠭᠦᠨ ᠤ ᠬᠠᠮᠲᠤ ᠣᠯᠠᠨ ᠲᠦᠮᠡᠨ ᠤ ᠰᠦᠪᠡᠭᠴᠢ ᠬᠠᠩᠭᠠᠬᠤ ᠶᠢ ᠵᠣᠷᠢᠭᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠪᠡ᠃ ᠢᠩᠭᠢᠭᠡᠳ ᠲᠣᠰ ᠱᠠᠲᠤᠨ ᠳᠤ ᠨᠡᠶᠢᠲᠡ 4 ᠵᠤᠷᠪᠤᠰ ᠡᠯᠭᠦᠮᠡᠯ ᠤᠬᠠᠭᠤᠯᠭ᠎ᠠ ᠶᠢᠨ ᠬᠠᠭᠤᠳᠠᠰᠤ ᠦᠢᠯᠡᠳᠦᠨ᠂ LED ᠳᠡᠯᠭᠡᠴᠡ ᠪᠠᠷ ᠳᠠᠮᠵᠢᠭᠤᠯᠤᠨ 12 ᠵᠤᠷᠪᠤᠰ ᠤᠷᠢᠶ᠎ᠠ ᠯᠣᠽᠦ᠋ᠩ ᠢ ᠳᠡᠯᠭᠡᠨ ᠦᠵᠡᠭᠦᠯᠵᠦ᠂ ᠭᠤᠤᠯ ᠰᠡᠳᠦᠪᠲᠦ ᠤᠬᠠᠭᠤᠯᠭ᠎ᠠ ᠶᠢ 2 ᠤᠳᠠᠭ᠎ᠠ ᠥᠷᠨᠢᠭᠦᠯᠵᠦ᠂ ᠬᠠᠤᠯᠢ ᠲᠦᠷᠢᠮ ᠤᠨ ᠲᠠᠶᠢᠯᠤᠮᠵᠢ ᠶᠢ 1 ᠤᠳᠠᠭ᠎ᠠ ᠵᠣᠬᠢᠶᠠᠨ ᠪᠠᠶᠢᠭᠤᠯᠤᠨ᠂ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 1000 ᠭᠠᠷᠤᠶ ᠬᠥᠮᠦᠨ ᠳᠤ ᠤᠬᠠᠭᠤᠯᠭ᠎ᠠ ᠬᠦᠷᠲᠡᠭᠡᠪᠡ᠃
微信图片_20220901091640.jpg
     ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠡᠵᠡᠨ ᠬᠤᠷᠤᠭ᠎ᠠ ᠶᠢᠨ ᠲᠣᠮᠢᠯᠠᠭᠰᠠᠨ ᠰᠠᠯᠪᠤᠷᠢ ᠶᠢᠨ ᠬᠠᠷᠢᠶ᠎ᠠ ᠣᠷᠣᠨ ᠤ 8 ᠰᠠᠷ᠎ᠠ ᠳᠤ ᠬᠡᠷᠡᠭ ᠭᠠᠷᠤᠭᠰᠠᠨ ᠨᠣᠷᠮ᠎ᠠ ᠨᠢ ᠨᠢᠳᠤᠨᠤᠨ ᠤ ᠠᠳᠠᠯᠢ ᠬᠤᠭᠤᠴᠠᠭᠠᠨ ᠤ ᠠᠴᠠ 25% ᠪᠠᠷ ᠪᠠᠭᠤᠷᠠᠵᠤ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ᠂ ᠬᠠᠷᠢᠶ᠎ᠠ ᠣᠷᠣᠨ ᠤ ᠨᠡᠶᠢᠭᠡᠮ ᠤᠨ ᠪᠦᠬᠦ ᠲᠠᠯ᠎ᠠ ᠶᠢᠨ ᠲᠣᠭᠲᠠᠭᠤᠨ ᠢ ᠪᠠᠲᠤᠯᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ ᠶᠢ ᠪᠠᠲᠤᠯᠠᠬᠤ ᠰᠠᠭᠤᠷᠢ ᠶᠢ ᠪᠠᠬᠢᠵᠢᠬᠦᠯᠵᠦ ᠪᠠᠶᠢᠨ᠎ᠠ᠃ ︵ᠡᠬᠡ ᠪᠢᠴᠢᠭ ᠤᠨ ᠢᠷᠡᠯᠲᠡ᠄ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠵᠡᠨ ᠬᠤᠷᠤᠭ᠎ᠠ ᠲᠣᠮᠢᠯᠠᠭᠰᠠᠨ ᠰᠠᠯᠪᠤᠷᠢ︶ 
ᠢᠷᠡᠯᠲᠡ᠄ ᠡᠵᠡᠨ ᠬᠤᠷᠤᠭ᠎ᠠ ᠲᠣᠮᠢᠯᠠᠭᠰᠠᠨ ᠰᠠᠯᠪᠤᠷᠢ