ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠬᠤᠲᠠ ᠶᠢᠨ ᠰᠠᠯᠪᠤᠷᠢ ᠠᠩᠭᠢ ᠲᠠᠢ ᠬᠠᠮᠲᠤᠷᠠᠨ ︽8.1︾ ᠢ ᠪᠡᠯᠭᠡᠯᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/9/13
     8 ᠳ᠋ᠤᠭᠠᠷ ᠰᠠᠷ᠎ᠠ ᠶᠢᠨ 1 ᠤ ᠡᠳᠦᠷ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠬᠦ᠂ ᠴᠡᠷᠢᠭ ᠠᠴᠠ ᠬᠠᠯᠠᠭᠳᠠᠭᠰᠠᠳ ᠤᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠬᠦ ᠶᠢ ᠢᠯᠡᠷᠡᠭᠦᠯᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠬᠤᠲᠠ ᠶᠢᠨ ᠰᠠᠯᠪᠤᠷᠢ ᠠᠩᠭᠢ ᠲᠠᠢ ᠬᠠᠮᠲᠤᠷᠠᠨ ︽8.1︾ ᠢ ᠪᠡᠯᠭᠡᠯᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᡂᠢ ᠽᠦᠩ ᠼᠠᠢ᠂ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠵᠢᠶ ᠹᠠᠩ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃
主题党日 (1).JPG  
      ᠠᠵᠢᠯᠯᠠᠭ᠎ᠠ ᠶᠢᠨ ᠬᠤᠭᠤᠴᠠᠭᠠᠨ ᠳᠤ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠡᠷᠢᠭ ᠠᠴᠠ ᠬᠠᠯᠠᠭᠳᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠬᠤᠲᠠ ᠶᠢᠨ ᠰᠠᠯᠪᠤᠷᠢ ᠠᠩᠭᠢ ᠶᠢᠨ ᠰᠣᠶᠣᠯ ᠤᠨ ᠠᠵᠢᠯᠯᠠᠭ᠎ᠠ ᠶᠢᠨ ᠲᠥᠪ᠂ ᠵᠡᠪᠰᠡᠭ ᠲᠣᠨᠣᠭᠯᠠᠯ ᠤᠨ ᠦᠢᠯᠡᠴᠢᠯᠡᠭᠡ᠂ ᠴᠡᠷᠢᠭ ᠤᠨ ᠲᠡᠦᠬᠡ ᠶᠢᠨ ᠣᠷᠳᠣᠨ ᠵᠡᠷᠭᠡ ᠶᠢ ᠲᠣᠭᠤᠷᠢᠨ ᠦᠵᠡᠭᠰᠡᠨ ᠪᠥᠭᠡᠳ ᠵᠡᠪᠰᠡᠭᠲᠦ ᠴᠠᠭᠳᠠᠭ᠎ᠠ ᠶᠢᠨ ᠪᠠᠶᠢᠯᠳᠤᠭᠴᠢᠳ ᠲᠠᠢ ᠬᠠᠮᠲᠤ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠤᠩᠰᠢᠪᠠ᠃ ᠲᠣᠭᠤᠷᠢᠨ ᠦᠵᠡᠬᠦ ᠪᠠᠷ ᠳᠠᠮᠵᠢᠨ᠂ ᠴᠡᠷᠢᠭ ᠠᠴᠠ ᠬᠠᠯᠠᠭᠳᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ᠣᠷᠭᠢᠯᠤᠮ᠎ᠠ ᠬᠠᠯᠠᠭᠤᠨ ᠰᠡᠳᠬᠢᠯᠭᠡ ᠲᠠᠢ ᠴᠡᠷᠢᠭ ᠠᠩᠭᠢ ᠶᠢᠨ ᠠᠮᠢᠳᠤᠷᠠᠯ ᠢᠶᠠᠨ ᠡᠷᠭᠢᠴᠡᠭᠦᠯᠵᠦ᠂ ᠴᠡᠷᠢᠭ ᠲᠤ ᠡᠯᠰᠡᠭᠳᠡᠭᠰᠡᠨ ᠦᠨᠡᠨ ᠪᠣᠳᠠᠲᠠᠢ ᠲᠥᠷᠥᠭᠳᠡᠯ ᠢᠶᠠᠨ ᠰᠣᠯᠢᠯᠴᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠤ ᠠᠯᠪᠠᠯᠠᠭᠰᠠᠨ ᠤ ᠳᠠᠷᠠᠭ᠎ᠠ ᠪᠡᠶ᠎ᠡ ᠶᠢᠨ ᠭᠠᠷᠤᠯ ᠨᠢ ᠴᠣ᠋ ᠰᠢᠨ᠎ᠡ ᠪᠠᠷ ᠬᠤᠪᠢᠷᠠᠭᠰᠠᠨ ᠦᠨᠡᠨ ᠪᠣᠳᠠᠲᠠᠢ ᠲᠥᠷᠥᠭᠳᠡᠯ ᠢᠶᠠᠨ ᠶᠠᠷᠢᠭᠰᠠᠨ ᠪᠥᠭᠡᠳ ᠬᠤᠶᠢᠰᠢᠳᠠ ᠶᠢᠨ ᠠᠵᠢᠯ ᠤᠨ ᠳᠤᠮᠳᠠ ᠪᠠᠨ ᠵᠠᠪᠠᠯ ᠴᠡᠷᠢᠭ ᠬᠥᠮᠦᠨ ᠤ ᠤᠤᠷ ᠴᠢᠨᠠᠷ ᠢᠶᠠᠨ ᠦᠷᠭᠦᠯᠵᠢᠯᠡᠨ ᠪᠠᠲᠤᠯᠠᠵᠤ᠂ ᠴᠡᠷᠢᠭ ᠬᠥᠮᠦᠨ ᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ ᠳᠠᠬᠢᠨ ᠰᠢᠨ᠎ᠡ ᠭᠠᠪᠢᠶ᠎ᠠ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ︕
      主题党日 (4).JPG
      ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠡᠷᠢᠭ ᠠᠴᠠ ᠬᠠᠯᠠᠭᠳᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠡᠶᠢᠲᠡ 256 ᠬᠥᠮᠦᠨ ᠪᠠᠶᠢᠵᠤ᠂ ᠴᠡᠷᠢᠭ ᠤᠨ ᠬᠤᠸᠠᠷᠠᠨ ᠠᠴᠠ ᠴᠠᠭᠳᠠᠭᠠᠨ ᠤ ᠬᠤᠸᠠᠷᠠᠨ ᠬᠦᠷᠲᠡᠯ᠎ᠡ᠂ ᠨᠡᠷᠡᠶᠢᠳᠦᠯ ᠢᠶᠠᠨ ᠬᠤᠪᠢᠷᠠᠭᠤᠯᠵᠤ᠂ ᠪᠡᠶ᠎ᠡ ᠶᠢᠨ ᠭᠠᠷᠤᠯ ᠢᠶᠠᠨ ᠬᠤᠪᠢᠷᠠᠭᠤᠯᠤᠭᠰᠠᠨ ᠪᠣᠯᠪᠠᠴᠤ ᠲᠡᠳᠡᠨ ᠤ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠭᠡᠵᠦ᠂ ᠬᠠᠷᠠᠮ ᠥᠬᠡᠶ ᠵᠣᠷᠢᠭᠤᠯᠬᠤ ᠠᠵᠢᠯ ᠤᠨ ᠣᠪᠣᠷ ᠢ ᠬᠡᠵᠢᠶᠡᠳᠡ ᠬᠤᠪᠢᠷᠠᠭᠤᠯᠵᠤ ᠴᠢᠳᠠᠬᠤ ᠥᠬᠡᠶ ᠶᠤᠮ᠃ ᠲᠠᠳᠠ ᠠᠷᠤᠷ᠎ᠠ ᠶᠢᠨ ᠨᠣᠭᠤᠭᠠᠨ ᠥᠩᠭᠡ ᠠᠴᠠ ᠴᠠᠭᠳᠠᠭᠠᠨ ᠤ ᠭᠦᠨ ᠬᠥᠬᠡ ᠥᠩᠭᠡ ᠬᠦᠷᠲᠡᠯ᠎ᠡ᠂ ᠴᠡᠷᠢᠭ ᠤᠨ ᠰᠦᠭ ᠰᠦᠨᠡᠰᠦ ᠪᠠᠷ ᠴᠠᠭᠳᠠᠭᠠᠨ ᠤ ᠰᠦᠭ ᠰᠦᠨᠡᠰᠦ ᠶᠢ ᠱᠤᠭᠤᠵᠤ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠵᠦ᠂ ᠴᠡᠷᠢᠭ ᠠᠩᠭᠢ ᠶᠢᠨ ᠣᠭ ᠰᠠᠨᠠᠭ᠎ᠠ ᠪᠠᠨ ᠥᠯᠥ ᠮᠠᠷᠲᠠᠵᠤ᠂ ᠴᠠᠭᠳᠠᠭ᠎ᠠ ᠪᠣᠯᠬᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠩ ᠦᠨᠡᠨᠴᠢ ᠰᠢᠳᠤᠷᠭᠤ ᠰᠡᠳᠬᠢᠯ ᠲᠠᠢ ᠭᠦ᠋ᠨ ᠥᠨᠢᠳᠡ ᠥᠩᠭᠡ ᠪᠠᠭᠤᠷᠠᠬᠤ ᠥᠬᠡᠶ ᠪᠠᠶᠢᠵᠤ᠂ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠨᠢ ᠴᠠᠭᠳᠠᠭᠠᠨ ᠤ ᠬᠤᠸᠠᠷᠠᠨ ᠳᠠᠬᠢ ᠪᠣᠶ ᠪᠥᠬᠦᠶ ᠬᠠᠮᠤᠭ ᠤᠨ ᠬᠥᠭᠡᠷᠦᠬᠦᠨ ︽ᠠᠬᠠᠮᠠᠳ ᠴᠡᠷᠢᠭ︾ ᠲᠠᠢ ᠠᠳᠠᠯᠢ ᠪᠠᠷ ᠬᠦᠨᠳᠦᠳᠬᠡᠯ ᠳᠡᠪᠰᠢᠭᠦᠯᠪᠡ᠃       
ᠢᠷᠡᠯᠲᠡ᠄ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ