ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠤ ᠬᠦᠴᠦᠯᠡᠬᠦ ᠪᠠᠷ ᠲᠣᠭᠲᠠᠪᠠ
ᠨᠡᠶᠢᠲᠡᠯᠡᠭᠰᠡᠨ ᠴᠠᠭ᠄
2022/9/16
      ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ      ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ  ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ       ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ  ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ      ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ  ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ      ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ  ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ       ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ  ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ       ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 13 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ ︔ ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ ︔ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ︔ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ ︔ ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ ᠂ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠪᠤᠢ᠃ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠᠲᠤ ᠠᠵᠤ ᠠᠬᠤᠢ ᠶᠢᠨ ᠰᠠᠭᠤᠷᠢ ᠪᠠᠶᠢᠵᠤ᠂ ᠣᠳᠣᠬᠠᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠨᠡᠯᠢᠶᠡᠳ ᠶᠡᠭᠡ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ ᠃ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠮᠦᠨᠡᠬᠢ ᠬᠤᠭᠤᠴᠠᠭᠠᠨ ᠳᠤ ᠬᠤᠶᠢᠰᠢᠯᠠᠭᠤᠯᠤᠨ ᠲᠤᠰᠢᠶᠠᠭᠰᠠᠨ ᠠᠰᠢᠭ ᠣᠯᠵᠠᠪᠤᠷᠢ ᠶᠢᠨ ᠭᠠᠶᠢᠯᠢ ᠵᠡᠷᠭᠡ ︽ᠲᠠᠪᠤᠨ ᠭᠠᠶᠢᠯᠢ ᠬᠤᠶᠠᠷ ᠰᠦᠢᠳᠬᠡᠯ︾ ᠢ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠳᠠᠭᠢᠵᠤ 4 ᠰᠠᠷ᠎ᠠ ᠬᠤᠶᠢᠰᠢᠯᠠᠭᠤᠯᠤᠨ ᠨᠥᠬᠦᠵᠦ ᠲᠤᠰᠢᠶᠠᠨ᠎ᠠ᠃ ᠡᠨᠡ ᠨᠢ 4400 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠤᠶᠢᠰᠢᠯᠠᠭᠤᠯᠬᠤ ᠳᠤ ᠬᠤᠯᠪᠣᠭᠳᠠᠨ᠎ᠠ᠃ ᠡᠭᠦᠨ ᠤ ᠬᠠᠮᠲᠤ ᠦᠢᠯᠡᠳᠬᠡᠯ ᠤᠨ ᠦᠢᠯᠡᠰ ᠤᠨ ᠰᠢᠨ᠎ᠡ ᠪᠠᠷ ᠨᠡᠮᠡᠭᠳᠡᠭᠰᠡᠨ ᠥᠷᠲᠡᠭ ᠨᠡᠮᠡᠭᠳᠡᠯ ᠤᠨ ᠭᠠᠶᠢᠯᠢ ᠶᠢᠨ ᠲᠤᠯᠭᠠᠨ ᠰᠠᠭᠤᠳᠬᠠᠬᠤ ᠭᠠᠶᠢᠯᠢ ᠶᠢᠨ ᠲᠤᠭ᠎ᠠ ᠶᠢ ᠭᠤᠶᠤᠴᠢᠯᠠᠭᠰᠠᠨ ᠳᠠᠷᠤᠢ ᠳᠤ ᠨᠢ ᠪᠤᠴᠠᠭᠠᠵᠤ᠂ ᠲᠠᠩᠰᠠᠨ ᠳᠤ ᠣᠷᠣᠭᠤᠯᠬᠤ ᠳᠤᠮᠳᠠᠴᠢ ᠴᠠᠭ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ ᠂ ᠵᠢᠱᠢᠯᠲᠡ ᠪᠠᠷ ᠡᠨᠡ ᠵᠢᠯ ᠤᠨ ᠰᠡᠭᠦᠯᠴᠢ ᠶᠢᠨ 4 ᠰᠠᠷ᠎ᠠ ᠳᠤ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠳᠠᠬᠢᠭᠠᠳ 320 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠬᠤ ᠨᠢ ᠦᠢᠯᠡᠳᠬᠡᠯ ᠤᠨ ᠦᠢᠯᠡᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ᠂ ᠬᠡᠷᠡᠭᠯᠡᠭᠡ ᠶᠢᠨ ᠰᠡᠷᠭᠦᠭᠡᠯᠲᠡ ᠶᠢ ᠠᠵᠤ ᠠᠬᠤᠢ ᠶᠢᠨ ᠭᠤᠣᠯ ᠲᠠᠲᠠᠬᠤ ᠬᠦᠴᠦᠨ ᠪᠣᠯᠭᠠᠬᠤ ᠶᠢ ᠠᠬᠢᠭᠤᠯᠵᠤ ᠂ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠬᠦ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃ ᠬᠤᠷᠠᠯ ᠠᠴᠠ ᠦᠢᠯᠡᠳᠬᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠦᠢᠯᠡᠴᠢᠯᠡᠭᠡᠨ ᠤ ᠬᠦᠷᠢᠶ᠎ᠡ ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤ ᠂ ᠪᠦᠬᠦ ᠤᠯᠤᠰ ᠤᠨ ᠴᠢᠨᠠᠷᠲᠠᠢ ᠬᠤᠳᠠᠯᠳᠤᠭᠠᠨ ᠤ ᠪᠠᠩᠬᠢ ᠶᠢᠨ 3.2% ᠠᠴᠠ ᠳᠣᠣᠷ᠎ᠠ ᠬᠦᠦ ᠮᠥᠩᠭᠦ ᠶᠢᠨ ᠨᠣᠷᠮ᠎ᠠ ᠪᠠᠷ ᠳᠤᠮᠳᠠ ᠪᠠ ᠤᠷᠲᠤ ᠬᠤᠭᠤᠴᠠᠭᠠᠨ ᠤ ᠵᠢᠭᠡᠯᠡᠯᠭᠡ ᠶᠢ ᠢᠳᠡᠪᠬᠢᠲᠡᠢ ᠪᠠᠷ ᠲᠠᠯᠪᠢᠬᠤ ᠶᠢ ᠳᠡᠮᠵᠢᠨ᠎ᠡ᠃ ᠠᠷᠠᠳ ᠤᠨ ᠪᠠᠩᠬᠢ ᠵᠢᠭᠡᠯᠡᠯᠭᠡ ᠠᠴᠠ ᠡᠬᠡ ᠮᠥᠩᠭᠦ ᠶᠢᠨ 100% ᠪᠠᠷ ᠬᠤᠳᠠᠯᠳᠤᠭᠠᠨ ᠤ ᠪᠠᠩᠬᠢ ᠳᠤ ᠲᠤᠰᠬᠠᠢ ᠲᠡᠬᠢᠨ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ᠃ ᠲᠤᠰᠬᠠᠢ ᠳᠠᠬᠢᠨ ᠵᠢᠭᠡᠯᠡᠯᠭᠡ ᠶᠢᠨ ᠲᠤᠭ᠎ᠠ ᠶᠢ 2000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠠᠯᠢ ᠴᠢᠳᠠᠬᠤ ᠪᠠᠷ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭᠤᠴᠠᠭ᠎ᠠ ᠶᠢ ᠨᠢ 1 ᠵᠢᠯ ᠪᠠᠶᠢᠵᠤ᠂ ᠬᠤᠶᠠᠷ ᠤᠳᠠᠭ᠎ᠠ ᠤᠷᠲᠤᠳᠬᠠᠵᠤ ᠪᠣᠯᠣᠨ᠎ᠠ᠃ ᠡᠭᠦᠨ ᠤ ᠬᠠᠮᠲᠤ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠪ ᠤᠨ ᠡᠳ᠋ ᠤᠨ ᠵᠠᠰᠠᠭ ᠠᠴᠠ ᠵᠢᠭᠡᠯᠡᠯᠭᠡ ᠶᠢᠨ ᠭᠤᠣᠯ ᠴᠣᠭᠴᠠ ᠳᠤ 2.5% ᠶᠢᠨ ᠳᠠᠮ ᠬᠦᠦ ᠥᠭᠴᠦ᠂ ᠡᠨᠡ ᠵᠢᠯ ᠤᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠵᠢᠭᠡᠯᠡᠯᠭᠡ ᠶᠢᠨ ᠭᠤᠣᠯ ᠴᠣᠭᠴᠠ ᠶᠢᠨ ᠪᠣᠳᠠᠲᠠᠢ ᠵᠢᠭᠡᠯᠡᠯᠭᠡ ᠶᠢᠨ ᠥᠪᠡᠷ ᠤᠨ ᠥᠷᠲᠡᠭ ᠢ 0.7% ᠠᠴᠠ ᠬᠡᠲᠦᠷᠡᠭᠦᠯᠬᠦ ᠦᠭᠡᠢ ᠭᠡᠵᠦ ᠲᠣᠭᠲᠠᠪᠠ᠃      ᠬᠤᠷᠠᠯ ᠠᠴᠠ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠦᠨᠳᠦᠰᠦᠨ ᠪᠣᠳᠣᠯᠭ᠎ᠠ ᠮᠥᠨ᠂ ᠭᠠᠳᠠᠭᠠᠳᠤ ᠣᠷᠣᠭᠤᠯᠤᠯᠲᠠ ᠭᠠᠷᠭᠠᠯᠲᠠ ᠨᠢ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠃ ᠨᠢᠭᠡ ᠳᠤ᠂ ᠵᠠᠬᠢᠶᠠᠯᠠᠭ᠎ᠠ ᠶᠢ ᠪᠠᠲᠤᠯᠠᠵᠤ ᠵᠠᠬ᠎ᠠ ᠳᠡᠯᠭᠡᠭᠦᠷ ᠢ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠡᠨᠧᠷᠭᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ ᠪᠦᠬᠦ ᠬᠦᠴᠦᠨ ᠢᠶᠠᠷ ᠢᠶᠠᠨ ᠲᠡᠮᠵᠢᠵᠤ᠂ ᠭᠡᠷ᠎ᠡ ᠪᠠᠨ ᠭᠦᠢᠴᠡᠳᠬᠡᠬᠦ ᠶᠢ ᠦᠨᠡᠨ ᠬᠦ ᠪᠠᠲᠤᠯᠠᠨ᠎ᠠ᠃ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠲᠦᠷᠭᠡᠪᠴᠢᠯᠡᠨ ᠪᠣᠳᠠᠲᠠᠶᠢᠵᠢᠭᠤᠯᠤᠨ᠎ᠠ᠃ ᠬᠢᠯᠢ ᠶᠢᠨ ᠭᠠᠳᠠᠨᠠᠬᠢ ᠦᠵᠡᠰᠬᠦᠯᠡᠩ ᠳᠤ ᠣᠷᠤᠯᠴᠠᠬᠤ᠂ ᠵᠥᠪᠳᠡᠯᠴᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠬᠤᠶᠠᠷ ᠲᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠡᠩ ᠶᠡᠭᠡ ᠬᠥᠭᠵᠢᠯᠲᠡ ᠶᠢ ᠠᠬᠢᠭᠤᠯᠵᠤ᠂ ᠬᠢᠯᠢ ᠠᠯᠤᠰᠯᠠᠭᠰᠠᠨ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠶᠢ ᠰᠢᠨ᠎ᠡ ᠪᠠᠷ ᠪᠠᠶᠢᠭᠤᠯᠬᠤ ᠠᠵᠢᠯ ᠢ ᠰᠢᠮᠳᠠᠭᠤᠯᠤᠨ ᠬᠢᠵᠦ᠂ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ ᠨᠡᠩ ᠴᠢᠩᠭᠠᠷᠠᠭᠤᠯᠤᠨ᠎ᠠ ᠃ ᠭᠤᠷᠪᠠ ᠳᠤ᠂ ᠭᠠᠷᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠪᠠ ᠬᠢᠯᠢ ᠶᠢᠨ ᠳᠣᠲᠣᠷᠠᠬᠢ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠶᠢ ᠲᠦᠷᠭᠡᠨ ᠳᠠᠮᠵᠢᠭᠤᠯᠤᠨ ᠲᠦᠷᠭᠡᠨ ᠲᠡᠭᠡᠭᠡᠪᠦᠷᠢᠯᠡᠬᠦ ᠶᠢ ᠦᠨᠡᠨ ᠬᠦ ᠪᠠᠲᠤᠯᠠᠨ᠎ᠠ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠪᠣᠭᠤᠮᠲᠠ ᠶᠢᠨ ᠦᠢᠯᠡᠴᠢᠯᠡᠭᠡᠨ ᠤ ᠵᠣᠬᠢᠰ ᠦᠭᠡᠢ ᠰᠦᠢᠳᠬᠡᠯ ᠬᠤᠷᠢᠶᠠᠯᠲᠠ ᠶᠢ ᠦᠷᠭᠦᠯᠵᠢᠯᠡᠨ ᠠᠷᠢᠯᠭᠠᠨ᠎ᠠ᠃ ᠳᠥᠷᠪᠡ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ ᠵᠦᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ᠂ ᠮᠡᠷᠭᠡᠵᠢᠯ ᠤᠨ ᠠᠵᠢᠯᠲᠠᠨ ᠵᠢᠴᠢ ᠭᠡᠷ ᠪᠦᠯᠢ ᠶᠢᠨ ᠬᠢᠨ ᠤ ᠬᠢᠯᠢ ᠪᠠᠷ ᠣᠷᠣᠵᠤ ᠭᠠᠷᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠦᠨ᠎ᠡ᠃ ᠲᠠᠪᠤ ᠳᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠮᠣ ᠮᠤᠵᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯ ᠲᠤᠯᠭᠠᠭᠤᠷᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠴᠠᠭᠤᠯᠭ᠎ᠠ ᠪᠠ ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠮᠠᠨ ᠤ ᠤᠯᠤᠰ ᠤᠨ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠡᠪᠴᠢᠶ᠎ᠡ ᠶᠡᠭᠡ᠂ ᠠᠵᠢᠯ ᠣᠯᠣᠯᠲᠠ ᠶᠢ ᠰᠢᠩᠭᠡᠬᠡᠨ ᠠᠪᠬᠤ  ᠨᠢ ᠤᠯᠠᠨ ᠪᠠᠶᠢᠵᠤ᠂ ︽ ᠲᠠᠯᠪᠢᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠨᠡᠩ ᠶᠡᠭᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠃ ᠨᠢᠭᠡ ᠳᠤ ᠂ ᠨᠢᠭᠡ ᠪᠦᠯᠦᠭ ᠠᠮᠤᠷ ᠲᠦᠪᠰᠢᠨ ᠤ ᠲᠦᠭᠰᠢᠭᠦᠷᠢ ᠪᠠᠷ ᠳᠣᠣᠷ᠎ᠠ᠂ ᠮᠡᠷᠭᠡᠵᠢᠯ ᠤᠨ ᠨᠥᠬᠦᠴᠡᠯ ᠢᠶᠠᠷ ᠪᠣᠯᠪᠠᠰᠤᠷᠠᠩᠭᠤᠢ ᠪᠣᠯᠤᠭᠰᠠᠨ ᠦᠢᠯᠡᠳᠬᠦᠨ ᠳᠤ ᠠᠯᠪᠠ ᠪᠠᠷ ᠭᠡᠷᠡᠴᠢᠯᠡᠭᠦᠯᠬᠦ᠂ ᠴᠠᠬᠢᠯᠭᠠᠨ ᠬᠤᠯᠪᠣᠭᠠᠨ ᠤ ᠲᠥᠬᠦᠭᠡᠷᠦᠮᠵᠢ ᠶᠢ ᠬᠡᠷᠡᠭᠯᠡᠬᠦ ᠵᠥᠪᠰᠢᠶᠡᠷᠡᠯ ᠵᠡᠷᠭᠡ ᠶᠢ ᠬᠦᠴᠦᠨ ᠦᠭᠡᠢ ᠪᠣᠯᠭᠠᠵᠤ᠂ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠳᠤ ᠲᠦᠬᠦᠮ ᠦᠵᠡᠭᠦᠯᠦᠨ᠎ᠡ᠃ ᠬᠤᠶᠠᠷ ᠲᠤ ᠂ ᠦᠢᠯᠡᠳᠬᠡᠯ ᠤᠨ ᠦᠢᠯᠡᠰ ᠤᠨ ᠦᠢᠯᠡᠳᠬᠦᠨ ᠤ ᠵᠠᠬ᠎ᠠ ᠳᠡᠯᠭᠡᠭᠦᠷ ᠲᠤ ᠭᠠᠷᠬᠤ ᠵᠣᠬᠢᠰ ᠦᠭᠡᠢ ᠬᠢᠵᠠᠭᠠᠷᠯᠠᠯ ᠢ ᠪᠦᠬᠦ ᠲᠠᠯ᠎ᠠ ᠪᠠᠷ ᠴᠡᠪᠡᠷᠯᠡᠵᠦ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠤᠨ ᠵᠥᠪᠰᠢᠶᠡᠷᠡᠯ ᠢ ᠰᠢᠯᠢᠳᠡᠭᠵᠢᠭᠦᠯᠬᠦ ᠪᠠ ᠳᠥᠭᠦᠮᠴᠢᠯᠡᠨ ᠨᠡᠶᠢᠯᠡᠭᠦᠯᠦᠨ᠎ᠡ ᠃ ᠡᠨᠧᠷᠭᠢ ᠠᠷᠪᠢᠯᠠᠬᠤ᠂ ᠪᠣᠬᠢᠷᠳᠤᠯ ᠦᠭᠡᠢ ᠳᠡᠰ ᠢ ᠦᠨᠡᠯᠡᠨ ᠲᠣᠭᠲᠠᠭᠠᠵᠤ ᠭᠡᠷᠡᠴᠢᠯᠡᠨ ᠮᠠᠭᠠᠳᠯᠠᠬᠤ ᠶᠢ ᠴᠣᠮᠬᠠᠳᠬᠠᠵᠤ ᠂ ᠪᠦᠬᠦ ᠤᠯᠤᠰ ᠤᠨ ᠨᠢᠭᠡᠳᠦᠯᠲᠡᠢ ᠭᠡᠷᠡᠴᠢᠯᠡᠨ ᠨᠤᠲᠠᠯᠠᠬᠤ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠵᠦᠢᠯ ᠤᠨ ᠭᠤᠣᠯᠳᠠᠯᠭ᠎ᠠ ᠲᠠᠢ ᠬᠢᠨᠠᠨ ᠬᠠᠮᠢᠶᠠᠷᠤᠯᠲᠠ ᠶᠢ ᠰᠠᠶᠢᠲᠤᠷ ᠬᠢᠨ᠎ᠡ ᠭᠡᠵᠦ ᠵᠢᠭᠠᠵᠤ ᠭᠠᠷᠭᠠᠪᠠ᠃      ᠡᠨᠧᠷᠭᠢ ᠶᠢᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ᠬᠤᠷᠠᠯ ᠠᠴᠠ ᠨᠢᠭᠡᠨᠲᠡ ᠲᠥᠯᠦᠪᠵᠢᠭᠦᠯᠭᠡ ᠳᠤ ᠣᠷᠣᠭᠤᠯᠤᠭᠰᠠᠨ᠂ ᠨᠥᠬᠦᠴᠡᠯ ᠪᠦᠷᠢᠳᠦᠭᠰᠡᠨ ᠹᠦᠵᠢᠶᠠᠨ ᠤ ᠵᠠᠩᠵᠸᠤ ᠶᠢᠨ ᠬᠤᠶᠠᠳᠤᠭᠠᠷ ᠬᠤᠭᠤᠴᠠᠭ᠎ᠠ᠂ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠵᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ ᠲᠦᠪᠰᠢᠨ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠲᠣᠭᠲᠠᠪᠠ ᠃ 
ᠢᠷᠡᠯᠲᠡ᠄ ᠲᠣᠲᠣᠷᠬᠠᠢ ᠦᠭᠡᠢ