ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠤᠷ ᠳᠠᠷᠢᠬᠤ ᠶᠢ ᠠᠷᠢᠯᠭᠠᠨ ᠴᠠᠭᠠᠵᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/21
      ᠬᠤᠣᠷᠲᠤ ᠡᠳ᠋ ᠤᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠶᠢᠨ ᠲᠥᠯᠦᠭᠡ᠂ ᠬᠤᠤᠷ ᠳᠠᠷᠢᠬᠤ ᠶᠢ ᠠᠷᠢᠯᠭᠠᠨ ᠴᠠᠭᠠᠵᠠᠯᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠦᠬᠠᠢ ᠬᠤᠲᠠ ᠶᠢᠨ ᠬᠠᠶᠢᠨᠠᠨ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠶᠠᠨᠳᠤᠬᠠᠢ ᠪᠠᠯᠭᠠᠰᠤᠨ ᠳᠤ ᠤᠬᠠᠭᠤᠯᠬᠤ᠂ ᠮᠥᠷᠳᠡᠨ ᠪᠠᠶᠢᠴᠠᠭᠠᠬᠤ ᠠᠷᠭ᠎ᠠ ᠮᠠᠶ᠋ᠢᠭ ᠢ ᠬᠡᠷᠡᠭᠯᠡᠨ᠂ ᠬᠤᠤᠷ ᠳᠠᠷᠢᠬᠤ ᠶᠢ ᠠᠷᠢᠯᠭᠠᠨ ᠴᠠᠭᠠᠵᠠᠯᠠᠬᠤ ᠠᠵᠢᠯᠯᠠᠭ᠎ᠠ ᠥᠷᠨᠢᠭᠦᠯᠪᠡ᠃
微信图片_20220914101532.jpg  
      ᠪᠠᠶᠠᠨᠳᠤᠬᠠᠢ ᠪᠠᠯᠭᠠᠰᠤᠨ ᠤ ᠲᠠᠷᠢᠶᠠᠯᠠᠬᠤ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠠᠷᠠᠳ ᠤᠨ ᠴᠠᠭᠳᠠᠭ᠎ᠠ ᠨᠠᠷ ᠬᠥᠮᠥᠨ ᠬᠠᠷ᠎ᠠ ᠴᠤᠭᠯᠠᠷᠠᠭᠰᠠᠨ᠂ ᠬᠦᠮᠦᠨ ᠤᠯᠠᠨ ᠤ ᠤᠷᠤᠰᠬᠠᠯ ᠢᠶᠠᠷ ᠶᠡᠭᠡ ᠭᠤᠣᠯ ᠵᠡᠭᠡᠯᠢ ᠭᠤᠳᠤᠮᠵᠢ ᠳᠤ ᠬᠦᠷᠴᠦ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠪᠠᠷ ᠳᠠᠮᠵᠢᠭᠤᠯᠤᠨ᠂ ᠬᠤᠤᠷ ᠳᠠᠷᠢᠬᠤ ᠶᠢ ᠠᠷᠢᠯᠭᠠᠨ ᠴᠠᠭᠠᠵᠠᠯᠠᠬᠤ ᠮᠡᠳᠡᠯᠭᠡ ᠶᠢᠨ ᠭᠠᠷ ᠳᠡᠪᠲᠡᠷ ᠲᠠᠷᠬᠠᠭᠠᠵᠤ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠬᠡᠯᠪᠡᠷᠢ ᠪᠠᠷ ᠨᠠᠭᠠᠰᠢ ᠴᠠᠭᠠᠰᠢ ᠶᠠᠪᠤᠵᠤ ᠪᠠᠶᠢᠭ᠎ᠠ ᠭᠠᠴᠠᠭᠠᠨ ᠤ ᠠᠷᠠᠳ᠂ ᠳᠡᠯᠭᠡᠭᠦᠷ ᠤᠨ ᠡᠵᠡᠨ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠲᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠠᠮᠤ ᠴᠡᠴᠡᠭ᠂ ᠠᠯᠠᠭ ᠮᠠᠭᠠᠵᠢ ᠵᠡᠷᠭᠡ ᠬᠤᠣᠷᠲᠤ ᠡᠳ᠋ ᠤᠨ ᠡᠬᠡ ᠤᠷᠭᠤᠮᠠᠯ ᠢ ᠢᠯᠭᠠᠨ ᠲᠠᠨᠢᠬᠤ ᠠᠷᠭ᠎ᠠ ᠪᠠ ᠬᠤᠣᠷ ᠬᠥᠨᠥᠭᠡᠯ ᠢ ᠬᠠᠯᠠᠰᠢᠷᠠᠯ ᠦᠭᠡᠢ ᠲᠦᠭᠡᠮᠡᠯᠵᠢᠭᠦᠯᠪᠡ᠃  ᠡᠭᠦᠨ ᠤ ᠬᠠᠮᠲᠤ ᠪᠠᠰᠠ ᠬᠠᠤᠯᠢ ᠪᠤᠰᠤ ᠪᠠᠷ ᠬᠤᠣᠷᠲᠤ ᠡᠳ᠋ ᠤᠨ ᠡᠬᠡ ᠤᠷᠭᠤᠮᠠᠯ ᠢ ᠳᠠᠷᠢᠭᠰᠠᠨ ᠤ ᠬᠦᠨᠳᠦ ᠨᠣᠴᠢᠲᠠᠢ ᠬᠤᠣᠷ ᠬᠥᠨᠥᠭᠡᠯ ᠪᠠ ᠬᠠᠤᠯᠢ ᠴᠠᠭᠠᠵᠠ ᠶᠢᠨ ᠦᠷ᠎ᠡ ᠳ᠋ᠦᠩ ᠢ ᠣᠯᠠᠨ ᠳᠤ ᠲᠠᠨᠢᠯᠴᠠᠭᠤᠯᠪᠠ᠃ ᠤᠬᠠᠭᠤᠯᠭ᠎ᠠ ᠪᠠᠷ ᠳᠠᠮᠵᠢᠭᠤᠯᠤᠨ᠂ ᠲᠠᠷᠢᠶᠠᠯᠠᠬᠤ ᠣᠷᠣᠨ ᠤ ᠣᠯᠠᠨ ᠲᠦᠮᠡᠨ ᠤ ᠬᠤᠣᠷᠲᠤ ᠡᠳ᠋ ᠤᠨ ᠡᠬᠡ ᠤᠷᠭᠤᠮᠠᠯ ᠢ ᠢᠯᠭᠠᠨ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠳᠠᠶᠢᠴᠢᠯᠠᠨ ᠵᠣᠷᠢᠭᠵᠢᠭᠤᠯᠵᠤ ᠪᠠᠶᠢᠭᠠᠳ ᠳᠠᠷᠢᠬᠤ ᠶᠢ ᠴᠠᠭᠠᠵᠠᠯᠠᠵᠤ ᠬᠤᠣᠷᠲᠤ ᠡᠳ᠋ ᠢ ᠠᠷᠢᠯᠭᠠᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠭᠤᠯᠪᠠ᠃
微信图片_20220914101552.jpg   
      ᠲᠣᠰᠬᠤᠨ ᠤ ᠠᠷᠠᠳ ᠲᠦᠮᠡᠨ ᠠᠴᠠ ᠬᠤᠣᠷ ᠴᠠᠭᠠᠵᠠᠯᠠᠬᠤ ᠠᠵᠢᠯ ᠢ ᠯᠠᠪᠲᠠᠢ ᠶᠡᠬᠡᠪᠡᠷ ᠳᠡᠮᠵᠢᠨ᠂ ᠤᠬᠠᠮᠰᠠᠷ ᠠᠴᠠ ᠪᠠᠨ ᠬᠠᠤᠯᠢ ᠶᠢ ᠰᠠᠬᠢᠵᠤ᠂ ᠬᠤᠣᠷ ᠳᠠᠷᠢᠬᠤ ᠦᠭᠡᠢ᠂ ᠬᠤᠣᠷ ᠦᠶᠯᠡᠳᠬᠦ ᠦᠭᠡᠢ ᠪᠠᠶᠢᠵᠤ᠂ ᠬᠤᠣᠷ ᠴᠠᠭᠠᠵᠠᠯᠠᠬᠤ ᠠᠵᠢᠯᠯᠠᠭ᠎ᠠ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠤᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠦᠨ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ ᠪᠠ ᠦᠬᠠᠢ ᠬᠤᠲᠠ ᠶᠢᠨ ︽ᠪᠥᠬᠦ ᠤᠯᠤᠰ ᠤᠨ ᠬᠤᠣᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠢ᠃        ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠸᠠᠨ ᠮᠦ ᠲᠠᠨ ᠲᠣᠰᠬᠤᠨ ᠤ ᠲᠠᠷᠢᠶᠠᠯᠠᠬᠤ ᠭᠠᠵᠠᠷ ᠲᠤ ᠵᠢᠯᠣᠭᠤᠴᠢ ᠦᠭᠡᠢ ᠨᠢᠰᠬᠡᠯ ᠤᠨ ᠠᠭᠠᠷ ᠤᠨ ᠬᠡᠮᠵᠢᠯᠲᠡ ᠶᠢᠨ ᠪᠠᠶᠢᠴᠠᠭᠠᠯᠲᠠ ᠬᠢᠵᠦ᠂ ᠲᠣᠭᠤᠷᠢᠨ ᠪᠠᠶᠢᠴᠠᠭᠠᠬᠤ ᠠᠵᠢᠯ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠠᠢ᠃ ᠪᠠᠶᠢᠴᠠᠭᠠᠯᠲᠠ ᠬᠢᠬᠦ ᠪᠠᠷ ᠳᠠᠮᠵᠢᠭᠠᠳ ᠪᠠᠶᠠᠨᠳᠤᠬᠠᠢ ᠪᠠᠯᠭᠠᠰᠤᠨ ᠤ ᠡᠯ᠎ᠡ ᠲᠣᠰᠬᠤᠨ ᠳᠤ ᠬᠤᠣᠷᠠᠲᠤ ᠡᠳ᠋ ᠤᠨ ᠤᠭ ᠲᠠᠷᠢᠮᠠᠯ ᠢ ᠳᠠᠷᠢᠭᠰᠠᠨ ᠪᠠᠶᠢᠳᠠᠯ ᠢᠯᠡᠷᠡᠭᠰᠡᠨ ᠦᠭᠡᠢ᠃   
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ