ᠪᠠᠶ ᠶᠦᠨ ᠲᠤᠭᠤᠷᠢᠭ ᠤᠨ ᠲᠣᠳᠤᠭᠠᠳᠣ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭᠠᠨ ᠤ ᠶᠡᠭᠡ ᠠᠩᠭᠢ ︽ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/22
      ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ᠂ ᠥᠷᠭᠡᠨ ᠣᠯᠠᠨ ᠲᠦᠮᠡᠨ ᠤ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ ᠲᠠᠢ ᠨᠡᠶᠢᠭᠡᠮ ᠢ ᠶᠡᠬᠡᠪᠡᠷ ᠪᠠᠶᠢᠭᠤᠯᠬᠤ ᠶᠢᠨ ᠲᠤᠰᠠᠳᠠ᠂ ᠬᠤᠲᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭᠠᠨ ᠤ ᠶᠡᠭᠡ ᠠᠩᠭᠢ ᠶᠢᠨ ᠱᠠᠭᠠᠷᠳᠠᠯᠭ᠎ᠠ ᠶᠣᠰᠣᠭᠠᠷ᠂ 8 ᠳ᠋ᠤᠭᠠᠷ ᠰᠠᠷ᠎ᠠ ᠶᠢᠨ 29 ᠤ ᠡᠳᠦᠷ ᠪᠠᠶ ᠶᠦᠨ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠠᠭᠤᠷᠬᠠᠶ ᠶᠢᠨ ᠵᠠᠮ ᠤᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠬᠠᠷᠢᠶ᠎ᠠ ᠣᠷᠣᠨ ᠳᠤ ᠭᠦᠨᠵᠡᠭᠡᠶᠢᠷᠡᠨ ︽ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ︾ ᠶᠢᠨ ᠠᠵᠢᠯᠯᠠᠭ᠎ᠠ ᠥᠷᠨᠢᠭᠦᠯᠪᠡ᠃
ca559d748d0f4f80e0a17eabf821a85.jpg   
      ᠠᠵᠢᠯᠯᠠᠭ᠎ᠠ ᠶᠢᠨ ᠳᠤᠮᠳᠠ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠤᠯᠠᠨ ᠲᠦᠮᠡᠨ ᠳᠤ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠥᠷᠨᠢᠭᠦᠯᠬᠦ ᠶᠢᠨ ᠬᠠᠮᠲᠤ ᠥᠷᠭᠡᠨ ᠤᠯᠠᠨ ᠲᠦᠮᠡᠨ ᠳᠤ ᠰᠦᠷᠳᠡᠭᠦᠯᠬᠦ ᠦᠵᠡᠯ ᠢ ᠡᠰᠡᠷᠭᠦᠴᠡᠬᠦ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠰᠡᠵᠢᠭᠯᠡᠯᠲᠡᠢ ᠬᠥᠮᠦᠨ᠂ ᠰᠡᠵᠢᠭᠯᠡᠯᠲᠡᠢ ᠪᠠᠶᠢᠳᠠᠯ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠢᠶᠠᠨ ᠥᠷᠨᠢᠭᠦᠯᠬᠦ ᠳᠤ ᠬᠡᠷᠬᠢᠨ ᠬᠠᠮᠵᠢᠯᠴᠠᠬᠤ ᠶᠢ ᠤᠯᠠᠨ ᠲᠦᠮᠡᠨ ᠳᠤ ᠤᠢᠢᠯᠠᠭᠠᠭᠤᠯᠵᠤ᠂ ᠥᠷᠭᠡᠨ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠪᠣᠯᠭᠠᠵᠤ᠂ ᠤᠯᠠᠨ ᠲᠦᠮᠡᠨ ᠬᠤᠯᠪᠣᠭᠳᠠᠯ ᠪᠦᠬᠦᠢ ᠪᠠᠶᠢᠳᠠᠯ ᠳᠤ ᠲᠤᠯᠭᠠᠷᠠᠪᠠᠯ ᠣᠯᠵᠤ ᠮᠡᠳᠡᠬᠦ᠂ ᠢᠯᠡᠴᠢᠯᠡᠨ ᠮᠡᠳᠡᠭᠦᠯᠵᠦ ᠴᠢᠳᠠᠬᠤ᠂ ᠠᠷᠭᠠᠴᠠᠵᠤ ᠴᠢᠳᠠᠬᠤ᠂ ᠥᠪᠡᠷ ᠢ ᠪᠠᠨ ᠠᠪᠤᠷᠠᠵᠤ ᠴᠢᠳᠠᠬᠤ᠂ ᠰᠦᠷᠳᠡᠭᠦᠯᠬᠦ ᠦᠵᠡᠯ ᠢ ᠡᠰᠡᠷᠭᠦᠴᠡᠬᠦ ᠮᠡᠳᠡᠯᠭᠡ ᠶᠢ ᠪᠣᠳᠠᠲᠤ ᠠᠮᠢᠳᠤᠷᠠᠯ ᠤᠨ ᠳᠤᠮᠳᠠ ᠠᠭᠤᠰᠬᠠᠨ ᠣᠷᠣᠭᠤᠯᠬᠤ ᠶᠢ ᠦᠨᠡᠨ ᠬᠦ ᠪᠠᠲᠤᠯᠠᠵᠤ᠂ ᠰᠦᠷᠳᠡᠭᠦᠯᠬᠦ ᠦᠵᠡᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠰᠣᠨᠣᠷ ᠰᠡᠷᠡᠮᠵᠢ ᠶᠢ ᠳᠡᠭᠡᠭᠰᠢᠯᠡᠭᠦᠯᠪᠡ᠃
e850cc5c6e89d08e1657ac480940457.jpg   
      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠴᠢᠬᠤᠯᠠ ᠴᠢᠨᠠᠷ ᠢ ᠨᠠᠩ ᠭᠦᠨᠵᠡᠭᠡᠶ ᠣᠶᠢᠯᠠᠭᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠡᠶ᠃ 
ᠢᠷᠡᠯᠲᠡ᠄ ᠪᠤᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ