ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠦ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠢᠵᠢᠯ ᠲᠥᠪᠲᠦ ᠲᠣᠭᠤᠷᠢᠭ︾ ᠢ ᠪᠠᠶᠢᠭᠤᠯᠪᠠ
ᠨᠡᠶᠢᠲᠡᠯᠡᠭᠰᠡᠨ ᠴᠠᠭ᠄
2022/9/22
      ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠠᠬᠢᠭᠤᠯᠬᠤ᠂ ᠬᠠᠷᠢᠶᠠᠲᠤ ᠣᠷᠣᠨ ᠤ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ᠂ ᠰᠦᠯᠵᠢᠶᠡᠨ ᠤ ᠠᠮᠤᠷ ᠲᠦᠪᠰᠢᠨ ᠤ ᠵᠥᠪ ᠦᠵᠡᠯᠲᠡ ᠶᠢ ᠪᠣᠶ ᠪᠣᠯᠭᠠᠬᠤ᠂ ᠡᠷᠡᠭᠦᠯ᠂ ᠪᠣᠯᠪᠠᠰᠤᠨ᠂ ᠡᠶ᠎ᠡ ᠵᠣᠬᠢᠴᠠᠯ ᠲᠠᠢ ᠰᠦᠯᠵᠢᠶᠡᠨ ᠤ ᠰᠣᠶᠣᠯ ᠤᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠵᠡᠷᠭᠡ ᠪᠠᠷ ᠠᠬᠢᠭᠤᠯᠪᠠ᠃
20220914084905.jpg    
      ᠰᠦᠯᠵᠢᠶᠡᠨ ᠭᠠᠳᠠᠨ᠎ᠠ ᠤᠬᠠᠭᠤᠯᠤᠨ ᠲᠠᠶᠢᠯᠪᠤᠷᠢᠯᠠᠵᠤ ᠰᠦᠯᠵᠢᠶᠡᠨ ᠤ ᠠᠮᠤᠷ ᠲᠦᠪᠰᠢᠨ ᠤ ᠰᠢᠨ᠎ᠡ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ      ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠢᠭᠤᠯᠵᠤ ᠬᠠᠷᠢᠶ᠎ᠠ ᠣᠷᠣᠨ ᠤ ᠠᠵᠤ ᠠᠬᠤᠢᠯᠠᠯ ᠳᠤ ᠭᠦᠨᠵᠡᠭᠡᠶᠢᠷᠡᠨ᠂ ᠰᠤᠷᠭᠠᠭᠤᠯᠢ᠂ ᠳᠡᠯᠭᠡᠭᠦᠷ᠂ ᠥᠷᠯᠥᠭᠡ ᠶᠢᠨ ᠵᠠᠬ᠎ᠠ᠂ ᠨᠡᠶᠢᠭᠡᠮ ᠲᠣᠭᠤᠷᠢᠭ᠂ ᠳᠡᠯᠭᠡᠭᠦᠷ ᠫᠦᠰᠡ ᠵᠡᠷᠭᠡ ᠬᠥᠮᠦᠨ ᠣᠯᠠᠨ ᠴᠤᠭᠯᠠᠷᠠᠬᠤ ᠭᠠᠵᠠᠷ᠂ ᠠᠰᠠᠭᠤᠨ ᠯᠠᠪᠯᠠᠬᠤ ᠲᠠᠪᠴᠠᠩ ᠲᠣᠬᠢᠷᠠᠭᠤᠯᠬᠤ ᠪᠠᠷ ᠳᠠᠮᠵᠢᠨ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠯᠭᠦᠮᠡᠯ ᠤᠬᠠᠭᠤᠯᠭ᠎ᠠ ᠶᠢᠨ ᠡᠯᠭᠦᠮᠡᠯ ᠪᠢᠴᠢᠭᠡᠰᠦ᠂ ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ ᠬᠡᠯᠪᠡᠷᠢ ᠪᠠᠷ ᠤᠯᠠᠨ ᠲᠦᠮᠡᠨ ᠳᠤ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢ ᠤᠬᠠᠭᠤᠯᠪᠠ᠂ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾᠂ ᠲᠣᠣᠷ ᠰᠦᠯᠵᠢᠶᠡᠨ ᠶᠠᠯᠠᠲᠤ ᠬᠡᠷᠡᠭ᠂ ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠦᠷᠭᠦᠯᠵᠢ ᠬᠠᠷᠠᠭᠳᠠᠳᠠᠭ ᠰᠦᠯᠵᠢᠶᠡᠨ ᠤ ᠠᠮᠤᠷ ᠲᠦᠪᠰᠢᠨ ᠤ ᠮᠡᠳᠡᠯᠭᠡ᠂ ᠪᠠᠰᠠ ᠬᠡᠷᠡᠭ ᠢᠶᠠᠷ ᠬᠠᠤᠯᠢ ᠶᠢ ᠬᠡᠯᠡᠬᠦ ᠠᠷᠭ᠎ᠠ ᠪᠠᠷ ᠳᠠᠮᠵᠢᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠮᠡᠬᠡᠯᠡᠯ ᠤᠨ ᠴᠢᠨᠠᠷ ᠢ ᠢᠯᠡᠴᠢᠯᠡᠬᠦ᠂ ᠳᠠᠯᠳᠠ ᠴᠢᠨᠠᠷ ᠪᠠ ᠬᠥᠨᠥᠭᠡᠯᠲᠦ ᠴᠢᠨᠠᠷ᠂ ᠣᠯᠠᠨ ᠲᠦᠮᠡᠨ ᠳᠤ ᠢᠷᠡᠯᠲᠡ ᠨᠢ ᠲᠣᠳᠣᠷᠬᠠᠶ ᠦᠭᠡᠢ ᠰᠦᠯᠵᠢᠶᠡᠨ ᠨᠢᠭᠤᠷ ᠢ ᠪᠢᠲᠡᠭᠡᠶ ᠨᠡᠭᠡᠭᠡ ᠭᠡᠵᠦ ᠰᠠᠨᠠᠭᠤᠯᠤᠶ᠎ᠠ᠂ ᠡᠯ᠎ᠡ ᠵᠦᠢᠯ ᠤᠨ ᠵᠠᠷ ᠢ ᠪᠢᠲᠡᠭᠡᠶ ᠠᠮᠠᠷᠬᠠᠨ ᠢᠲᠡᠭᠡ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠃
20220914084949.jpg     
      ᠰᠦᠯᠵᠢᠶᠡᠨ ᠳᠡᠭᠡᠷᠡᠬᠢ ᠤᠬᠠᠭᠤᠯᠭ᠎ᠠ ᠬᠥᠮᠦᠨ ᠪᠦᠬᠦᠨ ᠣᠷᠣᠯᠴᠠᠬᠤ ᠰᠢᠨ᠎ᠡ ᠠᠭᠤᠷ ᠠᠮᠢᠰᠬᠤᠯ ᠢ ᠪᠣᠶ ᠪᠣᠯᠭᠠᠪᠠ      ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠭᠥᠯᠢᠶᠡᠨ ᠠᠪᠤᠭᠴᠢᠳ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠮᠤᠷ ᠲᠦᠪᠰᠢᠨ ᠳᠠᠯᠠᠳ︾ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ︽ᠳᠠᠯᠠᠳ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︾ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠠ ᠸᠢᠳᠢᠣ᠋ ᠨᠡᠶᠢᠲᠡᠯᠡᠵᠦ᠂ ᠥᠷᠭᠡᠨ ᠣᠯᠠᠨ ᠲᠦᠮᠡᠨ ᠳᠤ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾᠂ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠠᠭᠤᠯᠭ᠎ᠠ ᠶᠢ ᠤᠯᠠᠮᠵᠢᠯᠠᠨ ᠲᠦᠭᠡᠮᠡᠯᠵᠢᠭᠦᠯᠵᠦ᠂ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠶᠢᠨ ᠬᠠᠮᠲᠤ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠢᠨᠲ᠋ᠧᠷ ᠰᠦᠯᠵᠢᠶᠡᠨ ᠳᠡᠭᠡᠷᠡᠬᠢ ᠡᠯ᠎ᠡ ᠵᠦᠢᠯ ᠤᠨ ᠮᠠᠭᠤ ᠰᠤᠷᠲᠠᠯ ᠪᠠ ᠲᠥᠪ ᠪᠤᠰᠤ ᠰᠤᠷᠲᠠᠯ ᠢ ᠤᠬᠠᠮᠰᠠᠷ ᠠᠴᠠ ᠪᠠᠨ ᠬᠤᠷᠢᠭᠯᠠᠬᠤ ᠶᠢ ᠰᠠᠨᠠᠭᠠᠴᠢᠯᠠᠪᠠ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 400 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 30 ᠭᠠᠷᠤᠶ ᠵᠤᠷᠪᠤᠰ ᠪᠢᠴᠢᠭᠡᠰᠦ ᠡᠯᠭᠦᠵᠦ᠂ 20 ᠭᠠᠷᠤᠶ ᠤᠬᠠᠭᠤᠯᠭ᠎ᠠ ᠶᠢᠨ ᠵᠠᠷᠯᠠᠯ ᠨᠠᠭᠠᠵᠤ᠂ ᠣᠯᠠᠨ ᠲᠦᠮᠡᠨ ᠤ ᠯᠠᠪᠯᠠᠨ ᠠᠰᠠᠭᠤᠬᠤ ᠶᠢ 150 ᠭᠠᠷᠤᠶ ᠬᠥᠮᠦᠨ ᠤᠳᠠᠭ᠎ᠠ ᠭᠥᠯᠢᠶᠡᠨ ᠠᠪᠴᠠᠶ᠃ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠤᠯᠠᠨ ᠲᠦᠮᠡᠨ ᠤ ᠨᠡᠶᠢᠭᠡᠮ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠰᠦᠯᠵᠢᠶᠡᠨ ᠤ ᠬᠠᠤᠯᠢ ᠶᠢ ᠵᠥᠷᠢᠴᠡᠵᠦ ᠶᠠᠯ᠎ᠠ ᠬᠢᠬᠦ ᠳᠤ ᠴᠣᠬᠢᠯᠲᠠ ᠥᠭᠬᠦ ᠳᠤ ᠬᠦᠴᠦᠷᠬᠡᠭ ᠶᠡᠭᠡ ᠰᠦᠷ ᠬᠦᠴᠦᠨ ᠢ ᠪᠤᠢ ᠪᠣᠯᠭᠠᠵᠤ᠂ ᠰᠠᠶᠢᠨ ᠦᠷ᠎ᠡ ᠪᠦᠲᠦᠮᠵᠢ ᠣᠯᠪᠠ᠃ 
ᠢᠷᠡᠯᠲᠡ᠄ ᠣᠷᠲᠤᠰ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ