ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠳᠡᠩᠨᠡᠨ ᠪᠠᠶᠢᠴᠠᠭᠠᠬᠤ ᠶᠡᠭᠡ ᠠᠩᠭᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠬᠦᠷᠢᠶ᠎ᠡ ᠳᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/22
      ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ︽ᠵᠠᠭᠤᠨ ᠡᠳᠦᠷ ᠤᠨ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠢᠳᠡᠭᠡᠨ ᠪᠠ ᠡᠮ ᠤᠨ ᠵᠦᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠰᠡᠷᠭᠡᠶᠢᠯᠡᠨ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠠᠷᠢᠶ᠎ᠠ ᠣᠷᠣᠨ ᠳᠤ ᠭᠦᠨᠵᠡᠭᠡᠶᠢᠷᠡᠨ ︽ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ︾ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠥᠮᠦᠨ ᠪᠦᠬᠦᠨ ᠮᠡᠳᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠠᠶᠢᠨ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠶᠢ ᠤᠯᠪᠠ᠃
2.jpg   
      ᠣᠶᠢᠯᠠᠭᠠᠭᠰᠠᠨ ᠢᠶᠠᠷ᠂ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠡᠮ ᠤᠨ ᠳᠡᠯᠭᠡᠭᠦᠷ᠂ ᠬᠤᠭᠤᠯᠠᠨ ᠬᠡᠷ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠶᠡᠬᠡᠪᠡᠷ ᠥᠷᠨᠢᠭᠦᠯᠪᠡ᠃ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ︽ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ︾ ᠤᠨ ᠠᠮᠤᠷ ᠲᠦᠪᠰᠢᠨ ᠤ ᠮᠡᠳᠡᠯᠭᠡ ᠵᠢᠴᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠡᠷᠭᠡᠶᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠵᠤ᠂ ︽ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ︾ ᠤᠨ ᠬᠦᠷᠢᠶᠡᠨ ᠳᠠᠬᠢ ᠥᠷᠭᠡᠨ ᠣᠯᠠᠨ ᠲᠦᠮᠡᠨ ᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠪᠠ ᠢᠳᠡᠭᠡᠨ ᠵᠢᠴᠢ ᠡᠮ ᠤᠨ ᠵᠦᠢᠯ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠪᠠ᠃ ᠡᠭᠦᠨ ᠤ ᠬᠠᠮᠲᠤ ᠣᠯᠠᠨ ᠢᠶᠠᠷ ᠢᠶᠠᠨ ︽ᠣᠷᠴᠢᠨ ᠲᠣᠭᠤᠷᠢᠨ ᠢᠳᠡᠭᠡᠨ ᠤᠮᠳᠠᠭᠠᠨ ᠪᠠ ᠡᠮ ᠲᠠᠩ︾ ᠤᠨ ᠬᠦᠷᠢᠶᠡᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠴᠠᠭᠳᠠᠭ᠎ᠠ ᠠᠷᠠᠳ ᠭᠠᠷ ᠬᠤᠯᠪᠣᠯᠴᠠᠨ ︽ᠣᠷᠴᠢᠨ ᠲᠣᠭᠤᠷᠢᠨ ᠢᠳᠡᠭᠡᠨ ᠤᠮᠳᠠᠭᠠᠨ ᠪᠠ ᠡᠮ ᠲᠠᠩ︾ ᠤᠨ ᠰᠡᠷᠭᠡᠶᠢᠯᠡᠯᠲᠡ ᠶᠢᠨ ᠬᠡᠷᠡᠮ ᠢ ᠪᠠᠲᠤ ᠴᠣᠭᠴᠠᠯᠠᠵᠤ᠂ ︽ᠣᠷᠴᠢᠨ ᠲᠣᠭᠤᠷᠢᠨ ᠢᠳᠡᠭᠡᠨ ᠤᠮᠳᠠᠭᠠᠨ ᠪᠠ ᠡᠮ ᠲᠠᠩ︾ ᠤᠨ ᠬᠠᠮᠢᠶᠠᠷᠤᠨ ᠡᠵᠡᠮᠳᠡᠬᠦ ᠲᠤᠤᠷ ᠢ ᠨᠢᠭᠲᠠ ᠰᠦᠯᠵᠢᠵᠦ᠂ ︽ᠣᠷᠴᠢᠨ ᠲᠣᠭᠤᠷᠢᠨ ᠢᠳᠡᠭᠡᠨ ᠤᠮᠳᠠᠭᠠᠨ ᠪᠠ ᠡᠮ ᠲᠠᠩ︾ ᠤᠨ ᠠᠮᠤᠷ ᠲᠦᠪᠰᠢᠨ ᠤ ᠨᠡᠭᠡᠯᠡᠬᠡᠶ ᠶᠢ ᠴᠢᠩᠭᠠᠯᠠᠵᠤ᠂ ︽ᠣᠷᠴᠢᠨ ᠲᠣᠭᠤᠷᠢᠨ ᠢᠳᠡᠭᠡᠨ ᠤᠮᠳᠠᠭᠠᠨ ᠪᠠ ᠡᠮ ᠲᠠᠩ︾ ᠤᠨ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠴᠣᠭᠴᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠠᠮᠤᠷ ᠲᠦᠪᠰᠢᠨ ᠤᠷᠠᠴᠢᠨ ᠲᠤᠭᠤᠷᠢᠨ ᠤ ᠪᠠᠲᠤᠯᠠᠭ᠎ᠠ ᠬᠠᠩᠭᠠᠰᠤᠭᠠᠢ᠃ 
ᠢᠷᠡᠯᠲᠡ᠄ ᠲᠦᠩᠯᠢᠶᠤᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ