ᠰᠥᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠡᠭᠡ ᠠᠩᠭᠢ ᠠᠴᠠ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠬᠦᠴᠦᠨ ᠢᠶᠠᠨ ᠲᠥᠪᠯᠡᠷᠡᠭᠦᠯᠦᠨ ᠭᠠᠵᠢᠭᠤ ᠨᠣᠮᠯᠠᠯ ᠢ ᠡᠰᠡᠷᠭᠦᠴᠡᠬᠦ︾ ᠪᠠ ︽ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/22
       ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ᠂ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 30 ᠤ ᠡᠳᠦᠷ᠂ ᠰᠥᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠡᠭᠡ ᠠᠩᠭᠢ ᠶᠢᠨ ᠣᠨᠴᠠ ᠤᠷᠢᠭᠰᠠᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠨᠢᠭᠡᠳᠦᠮᠡᠯ ᠹᠷᠣᠨᠲ ᠤᠨ ᠬᠡᠯᠲᠡᠰ᠂ ᠮᠠᠨᠳᠠᠯᠳᠤ ᠪᠠᠯᠭᠠᠰᠤᠨ ᠤ ᠬᠤᠶᠠᠳᠤᠭᠠᠷ ᠲᠤᠮᠢᠯᠠᠬᠰᠠᠨ ᠰᠠᠯᠪᠤᠷᠢ ᠨᠢ ᠡᠩᠭᠡᠷ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠭᠠᠵᠢᠭᠤ ᠨᠣᠮᠯᠠᠯ ᠢ ᠬᠦᠴᠦ ᠪᠠᠨ ᠲᠥᠪᠯᠡᠷᠡᠭᠦᠯᠦᠨ ᠡᠰᠡᠷᠭᠦᠴᠡᠬᠦ︾ ᠠᠵᠢᠯᠯᠠᠭ᠎ᠠ ᠪᠤᠯᠤᠨ 2022 ᠣᠨ ᠤ ᠰᠥᠨᠢᠳ ᠵᠡᠭᠦᠨ ᠬᠤᠰᠢᠭᠤᠨ ᠤ ︽ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ᠃
苏尼特左旗公安局政保大队开展“喜迎二十大,聚力反邪教”“防范邪教宣传月”活动1.png   
苏尼特左旗公安局政保大队开展“喜迎二十大,聚力反邪教”“防范邪教宣传月”活动2.png     
      ᠠᠷᠠᠳ ᠤᠨ ᠴᠠᠭᠳᠠᠭ᠎ᠠ ᠭᠠᠵᠢᠭᠤ ᠨᠣᠮᠯᠠᠯ ᠤᠨ ᠡᠳ᠋ ᠪᠣᠳᠠᠰ ᠢ ᠳᠡᠯᠭᠡᠨ ᠦᠵᠡᠭᠦᠯᠬᠦ᠂ ᠤᠬᠠᠭᠤᠯᠬᠤ ᠶᠢᠨ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠬᠠᠷᠢᠶ᠎ᠠ ᠣᠷᠣᠨ ᠤ ᠣᠯᠠᠨ ᠲᠦᠮᠡᠨ ᠳᠤ ᠭᠠᠵᠢᠭᠤ ᠨᠣᠮᠯᠠᠯ ᠤᠨ ᠤᠬᠠᠭᠳᠠᠬᠤᠨ ᠢ ᠤᠬᠠᠭᠤᠯᠵᠤ᠂ ᠭᠠᠵᠢᠭᠤ ᠨᠣᠮᠯᠠᠯ ᠤᠨ ᠦᠨᠳᠦᠰᠦᠨ ᠣᠨᠴᠠᠯᠢᠭ ᠢ ᠳᠠᠨᠢᠯᠴᠠᠭᠤᠯᠵᠤ᠂ ᠭᠡᠷ ᠪᠦᠯᠢ ᠪᠠ ᠨᠡᠶᠢᠭᠡᠮ ᠳᠤ ᠤᠴᠠᠷᠠᠭᠤᠯᠬᠤ ᠬᠤᠣᠷ ᠬᠥᠨᠥᠭᠡᠯ ᠵᠢᠴᠢ ᠭᠠᠵᠢᠭᠤ ᠨᠣᠮᠯᠠᠯ ᠢ ᠬᠡᠷᠬᠢᠨ ᠢᠯᠭᠠᠨ ᠲᠠᠨᠢᠬᠤ᠂ ᠰᠡᠷᠭᠡᠶᠢᠯᠡᠬᠦ ᠵᠡᠷᠭᠡ ᠠᠭᠤᠯᠭ᠎ᠠ ᠶᠢ ᠳᠠᠶᠢᠯᠪᠤᠷᠢᠯᠠᠪᠠ᠃ ᠬᠠᠷᠢᠶ᠎ᠠ ᠣᠷᠣᠨ ᠤ ᠣᠯᠠᠨ ᠲᠦᠮᠡᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ︽ᠳᠤᠮᠳᠠᠳᠤ ᠤᠯᠤᠰ ᠤᠨ ᠭᠠᠵᠢᠭᠤ ᠨᠣᠮᠯᠠᠯ ᠢ ᠡᠰᠡᠷᠭᠦᠴᠡᠬᠦ︾ ᠸᠢᠴᠠᠲ ᠤᠨ ᠣᠯᠠᠨ ᠨᠡᠶᠢᠲᠡ ᠶᠢᠨ ᠳᠠᠪᠴᠠᠩ ᠢ ᠠᠩᠬᠠᠷᠠᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠤ ᠭᠠᠵᠢᠭᠤ ᠨᠣᠮᠯᠠᠯ ᠢ ᠲᠠᠨᠢᠵᠤ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ᠂ ᠪᠥᠬᠦ ᠬᠤᠰᠢᠭᠤᠨ ᠤ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠪᠥᠬᠦ ᠬᠦᠴᠦᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠠᠮᠤᠷ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠰᠤᠭᠠᠢ᠃ 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ