ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠤᠳᠠᠭᠠᠨ ᠤ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/22
     ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠬᠤ᠂ ᠨᠠᠩ ᠬᠦᠴᠦᠲᠡᠶ ᠴᠣᠬᠢᠯᠲᠠ ᠥᠭᠬᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠰᠦᠷᠳᠡᠭᠦᠯᠬᠦ᠂ ᠣᠯᠠᠨ ᠨᠡᠶᠢᠲᠡ ᠶᠢᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠬᠤ᠂ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ᠂ ᠪᠦᠬᠦ ᠬᠤᠰᠢᠭᠤᠨ ᠤ ᠠᠷᠠᠳ ᠲᠦᠮᠡᠨ ᠢ ᠠᠮᠤᠷ ᠲᠣᠭᠲᠠᠭᠤᠨ ᠡᠶ᠎ᠡ ᠨᠠᠶᠢᠷᠠᠮᠳᠠᠭᠤ ︽ᠨᠠᠢᠮᠠᠨ ᠰᠠᠷ᠎ᠠ ᠶᠢᠨ ᠲᠡᠷᠭᠡᠯ ᠪᠠᠶᠠᠷ︾ ᠢ ᠥᠩᠭᠡᠷᠡᠭᠦᠯᠬᠦ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ 9 ᠳ᠋ᠦ᠋ᠭᠡᠷ ᠰᠠᠷ᠎ᠠ ᠶᠢᠨ 9 ᠠᠴᠠ 11 ᠤ ᠡᠳᠦᠷ ᠪᠣᠯᠲᠠᠯ᠎ᠠ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠤᠰᠢᠭᠤᠨ ᠤ ᠬᠡᠪᠴᠢᠶᠡᠨ ᠳᠤ 3 ᠡᠳᠦᠷ ᠤᠨ ᠬᠤᠭᠤᠴᠠᠭ᠎ᠠ ᠲᠠᠢ ᠭᠤᠷᠪᠠᠳᠤᠭᠠᠷ ᠤᠳᠠᠭᠠᠨ ᠤ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠯᠲᠠ ᠤᠬᠠᠭᠤᠯᠭ᠎ᠠ ᠰᠡᠷᠭᠡᠶᠢᠯᠡᠯᠲᠡ ᠶᠢ ᠲᠥᠪᠯᠡᠷᠡᠭᠦᠯᠦᠨ ᠨᠢᠭᠡᠳᠦᠯᠲᠡᠶ ᠠᠵᠢᠯᠯᠠᠭ᠎ᠠ ᠥᠷᠨᠢᠭᠦᠯᠪᠡ᠃
 1.jpg  
      9 ᠳ᠋ᠤᠭᠠᠷ ᠰᠠᠷ᠎ᠠ ᠶᠢᠨ 9 ᠤ ᠣᠷᠣᠶ ᠶᠢᠨ 20 ᠴᠠᠭ ᠲᠤ᠂ ᠠᠵᠢᠯᠯᠠᠭ᠎ᠠ ᠳᠤ ᠣᠷᠣᠯᠴᠠᠭᠰᠠᠨ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠣᠪᠴᠢᠶᠠᠨ ᠤ ᠪᠠᠶᠢᠭᠤᠯᠭ᠎ᠠ ᠶᠢᠨ ᠲᠣᠮᠣ ᠠᠰᠠᠷ ᠤᠨ ᠡᠮᠦᠨ᠎ᠡ ᠴᠤᠭᠯᠠᠷᠠᠨ᠂ ᠲᠣᠰ ᠤᠳᠠᠭᠠᠨ ᠤ ᠠᠵᠢᠯᠯᠠᠭ᠎ᠠ ᠶᠢᠨ ᠲᠣᠪᠴᠢᠶᠠᠨ ᠤ ᠤᠳᠤᠷᠢᠳᠤᠯᠭ᠎ᠠ ᠶᠢᠨ ᠵᠠᠷᠯᠢᠭ ᠪᠠᠭᠤᠬᠤ ᠶᠢ ᠳᠠᠭᠠᠯᠳᠤᠨ᠂ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠤᠬᠠᠭᠤᠯᠭ᠎ᠠ ᠰᠡᠷᠭᠡᠶᠢᠯᠡᠯᠲᠡ ᠭᠤᠷᠪᠠᠳᠤᠭᠠᠷ ᠤᠳᠠᠭᠠᠨ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠦᠳᠲᠡᠷ ᠲᠦᠷᠭᠡᠨ ᠬᠥᠳᠡᠯᠦᠯᠴᠡᠵᠦ᠂ ᠰᠠᠭᠤᠭᠠᠯᠢ ᠠᠷᠠᠳ ᠤᠨ ᠲᠣᠭᠤᠷᠢᠭ᠂ ᠵᠣᠴᠢᠳ ᠤᠨ ᠪᠠᠭᠤᠳᠠᠯ᠂ KTV᠂ ᠰᠦᠯᠵᠢᠶᠡᠨ ᠤ ᠪᠠᠭᠠᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠵᠢᠯ ᠲᠥᠷᠥᠯ ᠤᠨ ᠲᠠᠯᠠᠪᠤᠷ ᠭᠠᠵᠠᠷ ᠤᠨ ᠵᠤᠭ᠎ᠠ ᠴᠡᠩᠭᠡᠯ ᠤᠨ ᠲᠠᠯᠠᠪᠤᠷ ᠭᠠᠵᠠᠷ᠂ ᠬᠥᠮᠦᠰ ᠤᠨ ᠠᠮᠠᠷᠬᠠᠨ ᠴᠤᠭᠯᠠᠷᠠᠬᠤ ᠲᠠᠯᠠᠪᠤᠷ ᠭᠠᠵᠠᠷ ᠵᠢᠴᠢ ᠱᠠᠯᠢᠭ ᠵᠠᠪᠬᠠᠶ ᠵᠦᠢᠯᠡᠰ᠂ ᠵᠣᠭᠤᠰ ᠮᠦᠷᠦᠶᠢᠴᠡᠬᠦ᠂ ᠬᠤᠤᠷ ᠲᠠᠲᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠲᠣᠰ ᠲᠣᠰ ᠭᠦᠨᠵᠡᠭᠡᠶᠢᠷᠡᠨ ᠪᠥᠬᠦ ᠲᠠᠯ᠎ᠠ ᠪᠠᠷ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ ᠵᠢᠭᠰᠠᠭᠠᠨ ᠪᠠᠶᠢᠴᠠᠭᠠᠭᠠᠳ ᠣᠯᠵᠤ ᠮᠡᠳᠡᠭᠰᠡᠨ ᠳᠠᠯᠳᠠ ᠭᠡᠮ ᠢ ᠲᠤᠬᠠᠶ ᠶᠢᠨ ᠭᠠᠵᠠᠷ ᠲᠤ ᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠵᠠᠷᠯᠢᠭᠳᠠᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠭᠦᠨ ᠤ ᠬᠠᠮᠲᠤ ᠥᠷᠭᠡᠨ ᠣᠯᠠᠨ ᠲᠦᠮᠡᠨ ᠳᠤ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ APP ᠶᠢ ᠪᠠᠭᠤᠯᠭᠠᠵᠤ ᠠᠪᠬᠤ ᠶᠢ ᠢᠳᠡᠪᠬᠢᠲᠡᠶ ᠳᠡᠯᠭᠡᠷᠡᠭᠦᠯᠵᠦ᠂ APP ᠶᠢ ᠤᠭᠰᠠᠷᠠᠬᠤ ᠶᠠᠪᠤᠴᠠ ᠪᠠ ᠬᠡᠷᠡᠭᠯᠡᠬᠦ ᠠᠷᠭ᠎ᠠ ᠶᠢ ᠭᠠᠷᠳᠠᠨ ᠲᠠᠶᠢᠯᠪᠤᠷᠢᠯᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃
 8.jpg  
      ᠲᠣᠰ ᠤᠳᠠᠭᠠᠨ ᠤ ᠪᠠᠶᠢᠴᠠᠭᠠᠬᠤ ᠠᠵᠢᠯᠯᠠᠭ᠎ᠠ ᠳᠤ ᠨᠡᠶᠢᠲᠡ 100 ᠭᠠᠷᠤᠶ ᠴᠠᠭᠳᠠᠭ᠎ᠠ᠂ 20 ᠴᠠᠭᠳᠠᠭᠠᠨ ᠤ ᠲᠡᠷᠭᠡ ᠬᠥᠳᠡᠯᠭᠡᠵᠦ᠂ 140 ᠭᠠᠷᠤᠶ ᠠᠵᠢᠯ ᠲᠥᠷᠥᠯ ᠤᠨ ᠲᠠᠯᠠᠪᠤᠷ ᠭᠠᠵᠠᠷ ᠵᠢᠴᠢ ᠭᠤᠤᠯᠳᠠᠯᠭ᠎ᠠ ᠲᠠᠢ ᠨᠢᠭᠡᠴᠢ ᠶᠢ ᠢᠯᠭᠠᠷᠠᠭᠤᠯᠤᠨ ᠪᠠᠶᠢᠴᠠᠭᠠᠵᠤ᠂ 5 ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ ᠴᠡᠭᠴᠡᠯᠡᠨ ᠵᠠᠰᠠᠵᠤ᠂ 5 ᠬᠡᠷᠡᠭ ᠢ ᠲᠤᠬᠠᠶ ᠶᠢᠨ ᠲᠠᠯᠠᠪᠤᠷ ᠲᠤ ᠴᠡᠭᠴᠡᠯᠡᠨ ᠥᠭᠡᠷᠡᠴᠢᠯᠡᠪᠡ᠃ ᠠᠵᠢᠯᠯᠠᠭ᠎ᠠ ᠪᠠᠷ ᠢᠶᠠᠨ ᠳᠠᠮᠵᠢᠭᠤᠯᠤᠨ᠂ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠦᠢᠯ ᠤᠨ ᠶᠡᠭᠡ ᠪᠠᠷ ᠰᠦᠷᠳᠡᠭᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠠᠬᠢ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠠᠮᠤᠷ ᠲᠦᠪᠰᠢᠨ᠂ ᠡᠶ᠎ᠡ ᠨᠠᠶᠢᠷᠠᠮᠳᠠᠭᠤ᠂ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠪᠠ᠃ 
ᠢᠷᠡᠯᠲᠡ᠄ ᠪᠠᠶᠠᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ