ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠡᠭᠦᠳᠡ ᠲᠣᠭᠰᠢᠬᠤ ᠠᠵᠢᠯᠯᠠᠭ᠎ᠠ︾ ᠪᠠᠷ ᠳᠠᠮᠵᠢᠭᠤᠯᠤᠨ ᠬᠢᠵᠢᠭ ᠢ ᠰᠡᠷᠭᠡᠶᠢᠯᠡᠨ ᠬᠤᠷᠢᠭᠯᠠᠬᠤ ︽ᠠᠮᠤᠷ ᠲᠦᠪᠰᠢᠨ ᠤ ᠬᠡᠷᠡᠮ︾ ᠢ ᠪᠠᠲᠤ ᠴᠤᠭᠴᠠᠯᠠᠪᠠ
ᠨᠡᠶᠢᠲᠡᠯᠡᠭᠰᠡᠨ ᠴᠠᠭ᠄
2022/9/22
      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ᠂ ᠪᠥᠬᠦ ᠬᠤᠰᠢᠭᠤᠨ ᠤ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ 9 ᠳ᠋ᠦ᠋ᠭᠡᠷ ᠰᠠᠷ᠎ᠠ ᠶᠢᠨ 12 ᠤᠨ ᠡᠳᠦᠷ᠂ ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠶ᠎ᠠ ᠭᠠᠵᠠᠷ ᠤᠨ ᠬᠤᠪᠢᠶᠠᠷᠢᠯᠠᠯ ᠶᠣᠰᠣᠭᠠᠷ᠂ ᠾᠧ ᠮᠧᠶ ᠬᠦᠷᠢᠶᠡᠯᠡᠩ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠪᠠᠷ ᠵᠠᠷᠴᠢᠮ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠡᠷᠦᠬᠡ ᠵᠢᠴᠢ ᠵᠡᠭᠡᠯᠢ ᠳᠠᠭᠠᠤ ᠬᠤᠳᠠᠯᠳᠤᠭ᠎ᠠ ᠫᠦᠰᠡ ᠶᠢ ᠠᠰᠠᠷ ᠳᠠᠷᠠᠭᠠᠯᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠶ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃
微信图片_20220913102243.jpg   
      ︽ᠡᠭᠦᠳᠡ ᠲᠣᠭᠰᠢᠬᠤ ᠠᠵᠢᠯᠯᠠᠭ᠎ᠠ︾ ᠳᠤ᠂ ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠶᠠᠲᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠰᠦᠯ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠣᠯᠠᠨ ᠳᠤᠭᠤᠶᠢᠯᠠᠩ ᠬᠤᠪᠢᠶᠠᠵᠤ᠂ ᠡᠷᠦᠬᠡ ᠳᠠᠷᠠᠭᠠᠯᠠᠨ ᠡᠭᠦᠳᠡ ᠲᠣᠭᠰᠢᠵᠤ᠂ ᠰᠠᠭᠤᠭᠠᠯᠢ ᠡᠷᠦᠬᠡ ᠶᠢᠨ ᠬᠡᠷ ᠪᠦᠯᠢ ᠶᠢᠨ ᠬᠥᠮᠦᠰ ᠤᠨ ᠣᠶᠢᠷ᠎ᠠ ᠶᠢᠨ ᠬᠤᠭᠤᠴᠠᠭᠠᠨ ᠤ ᠠᠶᠠᠯᠠᠯ᠂ ᠬᠢᠵᠢᠭ ᠤᠨ ᠪᠠᠶᠢᠳᠠᠯ ᠤᠨ ᠲᠠᠷᠢᠯᠭ᠎ᠠ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠵᠢᠭᠤᠯᠴᠢᠯᠠᠨ ᠰᠠᠭᠤᠭᠰᠠᠨ ᠲᠡᠦᠬᠡ ᠵᠡᠷᠭᠡ ᠮᠡᠳᠡᠭᠡ ᠵᠠᠩᠭᠢ ᠶᠢ ᠨᠠᠷᠢᠨ ᠠᠰᠠᠭᠤᠨ ᠯᠠᠪᠯᠠᠬᠤ ᠶᠢᠨ ᠬᠠᠮᠲᠤ ᠳᠡᠩᠰᠡᠯᠡᠨ ᠲᠡᠮᠳᠡᠭᠯᠡᠵᠦ᠂ ᠲᠡᠷᠡᠴᠢᠯᠡᠨ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ ᠣᠯᠠᠨ ᠳᠤ ᠲᠠᠰᠤᠷᠠᠯᠲᠠ ᠥᠬᠡᠶ ᠵᠠᠬᠢᠵᠤ ᠪᠠᠶᠢᠪᠠ᠃ ︽ᠪᠦᠬᠦᠨ ᠢ ᠪᠠᠲᠤᠯᠠᠬᠤ︾ ᠮᠠᠶ᠋ᠢᠭ ᠤᠨ ᠶᠡᠭᠡ ᠵᠢᠭᠰᠠᠭᠠᠨ ᠪᠠᠶᠢᠴᠠᠭᠠᠯᠲᠠ ᠪᠠᠷ ᠳᠠᠮᠵᠢᠭᠤᠯᠤᠨ᠂ ᠲᠦᠢᠯ ᠤᠨ ᠣᠨᠣᠪᠴᠢᠲᠠᠶ ᠮᠡᠳᠡᠭᠡ ᠵᠠᠩᠭᠢ ᠶᠢ ᠪᠥᠬᠦ ᠲᠠᠯ᠎ᠠ ᠪᠠᠷ ᠡᠵᠡᠮᠰᠢᠵᠦ᠂ ᠨᠢᠭᠡ ᠡᠷᠦᠬᠡ ᠶᠢ ᠴᠦ ᠭᠤᠭᠤᠵᠢᠭᠳᠠᠭᠤᠯᠬᠤ ᠥᠬᠡᠶ᠂ ᠨᠢᠭᠡ ᠬᠥᠮᠦᠨ ᠢ ᠴᠦ ᠭᠤᠭᠤᠵᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ ︽ᠬᠥᠮᠦᠨ ᠤ ᠲᠤᠭ᠎ᠠ ᠲᠣᠳᠣᠷᠬᠠᠶ᠂ ᠣᠷᠣᠨ ᠪᠠᠶᠢᠷᠢ ᠲᠣᠳᠣᠷᠬᠠᠶ᠂ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠲᠣᠳᠣᠷᠬᠠᠶ︾ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠬᠡᠯᠬᠢᠶ᠎ᠡ ᠳᠤ ᠪᠦᠷᠢᠨ ᠪᠦᠲᠦᠨ ᠪᠠᠶᠢᠬᠤ ᠶᠢ ᠦᠨᠡᠨ ᠬᠦ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠥᠭᠴᠡᠶ᠃
微信图片_20220913102256.jpg   
      ᠠᠶᠢᠯ ᠡᠷᠦᠬᠡ ᠳᠠᠷᠠᠭᠠᠯᠠᠨ ᠡᠭᠦᠳᠡ ᠲᠣᠭᠰᠢᠬᠤ ᠡᠨᠡ ᠬᠦ ᠦᠵᠡᠬᠦ ᠳᠤ ᠬᠢᠵᠢᠭ ᠢ ᠰᠡᠷᠭᠡᠶᠢᠯᠡᠬᠦ ︽ᠬᠠᠭᠤᠴᠢᠨ ᠠᠷᠭ᠎ᠠ︾ ᠨᠢ ᠬᠠᠷᠢᠨ ᠲᠦᠢᠯ ᠤᠨ ᠪᠣᠳᠠᠲᠠᠢ ᠠᠵᠢᠯᠯᠠᠭ᠎ᠠ ᠪᠣᠯᠬᠤ ᠶᠤᠮ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠭᠰᠠᠨ ᠪᠥᠭᠡᠳ ᠪᠠᠰᠠ ᠴᠠᠭᠳᠠᠭ᠎ᠠ ᠠᠷᠠᠳ ᠤᠨ ᠬᠠᠷᠢᠯᠴᠠᠭ᠎ᠠ ᠶᠢ ᠨᠢᠭᠲᠠᠷᠠᠭᠤᠯᠬᠤ ︽ᠰᠡᠳᠬᠢᠯ ᠬᠤᠯᠪᠣᠬᠤ ᠬᠥᠭᠦᠷᠭᠡ︾ ᠪᠠᠶᠢᠵᠤ᠂ ᠤᠯᠠᠨ ᠲᠦᠮᠡᠨ ᠤ ᠡᠭᠦᠳᠡ ᠶᠢ ᠨᠡᠭᠡᠭᠡᠵᠦ᠂ ᠨᠡᠩ ᠴᠤ ᠤᠯᠠᠨ ᠲᠦᠮᠡᠨ ᠤ ᠰᠡᠳᠬᠢᠯ ᠢ ᠳᠤᠯᠠᠭᠠᠴᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠶᠢ ᠪᠡᠶᠡᠯᠡᠭᠦᠯᠵᠦ᠂ ︽ᠡᠴᠦᠰ ᠤᠨ ᠨᠢᠭᠡ ᠮᠧᠲᠷ︾ ᠬᠦᠷᠲᠡᠯ᠎ᠡ ᠣᠨᠣᠴᠠᠲᠠᠢ ᠰᠡᠷᠭᠡᠶᠢᠯᠡᠨ ᠡᠵᠡᠮᠳᠡᠪᠡ᠃
 微信图片_20220913102307.jpg  
      ᠲᠣᠰ ᠤᠳᠠᠭᠠᠨ ᠤ ᠠᠵᠢᠯᠯᠠᠭ᠎ᠠ ᠳᠤ᠂ ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 100 ᠭᠠᠷᠤᠶ ᠴᠠᠭᠳᠠᠭ᠎ᠠ ᠣᠷᠤᠯᠴᠠᠭᠤᠯᠵᠤ᠂ 40 ᠭᠠᠷᠤᠶ ᠴᠠᠭᠳᠠᠭᠠᠨ ᠤ ᠲᠡᠷᠭᠡ ᠬᠥᠳᠡᠯᠭᠡᠨ᠂ ᠡᠭᠦᠳᠡ ᠲᠣᠭᠰᠢᠬᠤ ᠠᠵᠢᠯᠯᠠᠭ᠎ᠠ ᠳᠤᠮᠳᠠ᠂ ᠲᠠᠩ ᠱᠠᠨ ᠨᠤᠲᠤᠭ ᠲᠠᠢ ᠡᠷᠡᠭᠲᠡᠶ ᠸᠠᠩ ᠣᠪᠣᠭᠲᠤ ᠣᠯᠠᠨ ᠤᠳᠠᠭ᠎ᠠ ᠤᠴᠢᠷ ᠰᠢᠯᠲᠠᠭᠠᠨ ᠥᠬᠡᠶ ᠪᠠᠷ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠷᠣᠯᠴᠠᠭᠰᠠᠨ ᠥᠬᠡᠶ᠂ ᠨᠡᠶᠢᠭᠡᠮ ᠨᠡᠶᠢᠲᠡ ᠳᠤ ᠠᠮᠤᠷ ᠲᠦᠪᠰᠢᠨ ᠤ ᠳᠠᠯᠳᠠ ᠬᠡᠮ ᠰᠣᠭᠤᠭ ᠤᠴᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠣᠷᠣᠰᠢᠵᠤ ᠪᠠᠶᠢᠬᠤ ᠶᠢ ᠵᠢᠭᠰᠠᠭᠠᠨ ᠪᠠᠶᠢᠴᠠᠭᠠᠵᠤ ᠭᠠᠷᠭᠠᠪᠠ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠵᠢᠭᠠᠪᠤᠷᠢ ᠠᠪᠬᠤ ᠪᠠᠷ ᠳᠡᠮᠵᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠵᠢᠯᠴᠠᠭ᠎ᠠ ᠳᠤᠤᠷ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠸᠠᠩ ᠣᠪᠣᠭᠲᠤ ᠶᠢ ᠲᠤᠰᠠᠭᠠᠷᠯᠠᠬᠤ ᠴᠡᠭ ᠲᠤ ᠳᠠᠭᠠᠭᠤᠯᠤᠨ ᠠᠪᠠᠴᠢᠵᠤ ᠤᠯᠠᠮ ᠨᠢᠭᠡ ᠠᠯᠬᠤᠮ ᠪᠠᠶᠢᠴᠠᠭᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ