ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2022/9/22
       ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠯᠲᠠ ᠶᠢᠨ ᠶᠡᠭᠡ ᠠᠩᠭᠢ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠠᠷᠭ᠎ᠠ ᠬᠡᠮᠵᠢᠶ᠎ᠡ ᠶᠢ ᠣᠨᠣᠪᠴᠢᠲᠠᠶ ᠵᠠᠳᠠᠯᠤᠨ ᠨᠠᠷᠢᠯᠢᠬᠵᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠶᠡᠭᠡ ᠪᠠᠷ ᠠᠬᠢᠭᠤᠯᠤᠭᠰᠠᠨ ᠪᠥᠭᠡᠳ ᠪᠣᠳᠠᠲᠤ ᠦᠷ᠎ᠡ ᠪᠦᠲᠦᠮᠵᠢ ᠣᠯᠵᠤ᠂ ᠴᠣᠬᠢᠯᠲᠠ ᠥᠭᠴᠦ ᠴᠡᠭᠴᠡᠯᠡᠨ ᠵᠠᠰᠠᠬᠤ ᠭᠤᠤᠯᠳᠠᠯᠭ᠎ᠠ ᠲᠠᠢ ᠣᠷᠣᠨ ᠪᠦᠰᠡ᠂ ᠡᠭᠦᠷᠭᠡ᠂ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠡᠮᠵᠢᠶᠡᠵᠢᠭᠦᠯᠦᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠪᠡ᠃
1.jpg   
      ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ᠂ ᠢᠳᠡᠭᠡᠨ ᠤᠮᠳᠠᠭᠠᠨ ᠡᠮ ᠤᠨ ᠵᠦᠢᠯᠡᠰ ᠤᠨ ᠬᠦᠷᠢᠶᠡᠨ ᠳᠠᠬᠢ ᠡᠯ᠎ᠡ ᠲᠥᠷᠥᠯ ᠤᠨ ᠬᠡᠷᠡᠭ ᠢ 43 ᠲᠠᠩᠰᠠᠯᠠᠵᠤ᠂ 15 ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ 10 ᠬᠥᠮᠦᠨ ᠢ ᠪᠠᠷᠢᠪᠴᠢᠯᠠᠪᠠ᠃ ᠴᠣᠬᠢᠯᠲᠠ ᠥᠭᠬᠦ ᠪᠠᠷ ᠰᠡᠷᠭᠡᠶᠢᠯᠡᠬᠦ ᠶᠢ ᠠᠬᠢᠭᠤᠯᠬᠤ ᠪᠠᠷ ᠳᠠᠮᠵᠢᠨ᠂ ᠠᠷᠠᠳ ᠤᠯᠠᠨ ᠳᠤ ᠠᠮᠤᠷ ᠲᠦᠪᠰᠢᠨ ᠪᠠᠶᠢᠬᠤ ᠲᠦᠷᠦᠭᠳᠡᠯ ᠥᠭᠴᠦ᠂ ᠠᠷᠠᠳ ᠤᠯᠠᠨ ᠤ ᠣᠯᠣᠯᠲᠠ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠲᠠᠶᠢᠪᠤᠩᠳᠤ ᠲᠦᠷᠦᠭᠳᠡᠯ ᠢ ᠦᠨᠡᠨ ᠬᠦ ᠨᠡᠮᠡᠭᠳᠡᠭᠦᠯᠵᠦ᠂ ᠬᠠᠷᠢᠶ᠎ᠠ ᠣᠷᠣᠨ ᠤ ᠨᠡᠶᠢᠭᠡᠮ ᠤᠨ ᠠᠮᠢ ᠠᠬᠤᠢ ᠣᠷᠴᠢᠨ ᠲᠣᠭᠤᠷᠢᠨ ᠢ ᠪᠦᠲᠦᠮᠵᠢᠲᠡᠢ ᠴᠡᠪᠡᠷᠰᠢᠭᠦᠯᠵᠦ᠂ ᠶᠠᠯ᠎ᠠ ᠬᠢᠭᠰᠡᠨ ᠰᠡᠵᠢᠭᠳᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠡᠢ᠃ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ︽ᠺᠦᠨᠯᠦ᠋ᠨ 2022︾ ᠵᠡᠷᠭᠡ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠳᠡᠭᠡᠨ ᠤᠮᠳᠠᠭᠠᠨ ᠡᠮ ᠲᠠᠩ ᠤᠨ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠪᠣᠳᠠᠲᠤ ᠦᠷ᠎ᠡ ᠪᠦᠲᠦᠮᠵᠢ ᠪᠠᠷ ᠢᠶᠠᠨ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ᠃ 
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ