︽ᠵᠠᠭᠤᠨ ᠡᠳᠦᠷ ᠤᠨ ᠠᠵᠢᠯᠯᠠᠭ᠎ᠠ︾ ᠳᠠᠬᠢ ᠣᠨᠴᠠ ᠲᠥᠷᠦᠯ ᠤᠨ ᠴᠠᠬᠳᠠᠭᠠᠨ ᠤ ᠬᠦᠴᠦᠨ
ᠨᠡᠶᠢᠲᠡᠯᠡᠭᠰᠡᠨ ᠴᠠᠭ᠄
2022/9/22
      ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠰᠥᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭᠠᠨ ᠤ ᠶᠡᠭᠡ ᠠᠩᠭᠢ ᠨᠢ ᠲᠣᠪᠴᠢᠶᠠᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠤᠨ ᠡᠷᠴᠢᠮ ᠢᠶᠠᠨ ᠪᠥᠬᠦ ᠲᠠᠯ᠎ᠠ ᠪᠠᠷ ᠴᠢᠩᠭᠠᠳᠬᠠᠵᠤ᠂ ᠭᠤᠤᠯᠳᠠᠯᠭ᠎ᠠ ᠲᠠᠢ ᠬᠡᠰᠡᠭ ᠣᠷᠣᠨ ᠪᠦᠰᠡ ᠪᠠᠷ ᠲᠣᠭᠤᠷᠢᠨ ᠰᠡᠷᠭᠡᠶᠢᠯᠡᠬᠦ ᠶᠢ ᠴᠢᠩᠳᠠᠯᠠᠵᠤ᠂ ᠵᠡᠭᠡᠯᠢ ᠭᠤᠳᠤᠮᠵᠢ ᠪᠠᠷ ᠬᠠᠮᠤᠭ ᠤᠨ ᠶᠡᠭᠡ ᠬᠡᠮᠵᠢᠶ᠎ᠡ ᠪᠠᠷ ᠰᠠᠬᠢᠨ ᠬᠠᠮᠠᠭᠠᠯᠠᠵᠤ᠂ ᠠᠶᠤᠯ ᠲᠦᠭᠰᠢᠭᠦᠷᠢ ᠳᠠᠯᠳᠠ ᠬᠡᠮ ᠢ ᠴᠢᠩᠭ᠎ᠠ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠪᠥᠬᠦ ᠲᠠᠯ᠎ᠠ ᠪᠠᠷ ᠪᠠᠭᠠᠰᠬᠠᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠦᠷᠭᠦᠯᠵᠢᠯᠡᠨ ᠴᠡᠪᠡᠷᠰᠢᠭᠦᠯᠪᠡ᠃
硬核守护,“百日行动”中的特巡警力量!1.png   
      ︽ᠵᠠᠭᠤᠨ ᠡᠳᠦᠷ ᠤᠨ ᠠᠵᠢᠯᠯᠠᠭ᠎ᠠ︾ ᠶᠢᠨ ᠬᠤᠭᠤᠴᠠᠭᠠᠨ ᠳᠤ᠂ ᠣᠨᠴᠠ ᠲᠥᠷᠦᠯ ᠤᠨ ᠴᠠᠭᠳᠠᠭᠠᠨ ᠤ ᠶᠡᠭᠡ ᠠᠩᠭᠢ ᠴᠠᠭᠳᠠᠭᠠᠨ ᠤ ᠬᠦᠴᠦᠨ ᠢᠶᠠᠨ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ ᠳᠡᠭᠡᠷ᠎ᠡ ᠲᠤᠮᠢᠯᠠᠵᠤ᠂ ᠵᠡᠪᠰᠡᠭᠲᠦ ᠬᠦᠴᠦᠨ ᠤ ᠲᠣᠭᠲᠠᠭᠰᠠᠨ ᠴᠡᠭ ᠲᠤ ᠵᠢᠵᠢᠭᠦᠷᠯᠡᠬᠦ᠂ ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ ᠬᠠᠮᠲᠤᠷᠠᠨ ᠵᠢᠵᠢᠭᠦᠷᠯᠡᠬᠦ ᠵᠡᠪᠰᠡᠭᠲᠦ ᠬᠦᠴᠦᠨ ᠤ ᠲᠣᠭᠤᠷᠢᠨ ᠴᠠᠭᠳᠠᠬᠤ ᠠᠵᠢᠯ ᠢ ᠡᠳᠦᠷ ᠪᠦᠷᠢ ᠪᠠᠶᠢᠩᠭᠤ ᠥᠷᠨᠢᠭᠦᠯᠦᠭᠰᠡᠨ ᠰᠠᠭᠤᠷᠢᠨ ᠳᠡᠭᠡᠷ᠎ᠡ᠂ ᠵᠡᠭᠡᠯᠢ ᠳᠡᠭᠡᠷᠡᠬᠢ ᠬᠥᠳᠡᠯᠦᠩᠭᠦᠢ ᠲᠣᠭᠤᠷᠢᠨ ᠴᠠᠭᠳᠠᠬᠤ ᠳᠤᠭᠤᠶᠢᠯᠠᠩ ᠢ ᠨᠡᠮᠡᠨ ᠪᠠᠶᠢᠭᠤᠯᠵᠤ᠂ ᠨᠠᠮ ᠵᠠᠰᠠᠭ ᠤᠨ ᠪᠠᠶᠢᠭᠤᠯᠭ᠎ᠠ᠂ ᠬᠥᠭᠵᠢᠶᠡᠨ ᠨᠠᠷᠭᠢᠶᠠᠨᠲᠤ ᠵᠡᠭᠡᠯᠢ ᠭᠤᠳᠤᠮᠵᠢ᠂ ᠭᠤᠣᠯᠳᠠᠯᠭ᠎ᠠ ᠲᠠᠢ ᠬᠠᠷᠠᠯᠲᠠ ᠨᠢᠭᠡᠴᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠡᠷᠬᠢᠨ ᠲᠣᠭᠤᠷᠢᠨ ᠳᠤ ᠲᠣᠭᠲᠠᠭᠰᠠᠨ ᠴᠡᠭ ᠦᠭᠡᠢ ᠪᠠᠷ ᠲᠡᠷᠭᠡ ᠪᠠᠷ ᠲᠣᠭᠤᠷᠢᠨ ᠴᠠᠭᠳᠠᠬᠤ ᠪᠠ ᠶᠠᠪᠠᠭᠠᠨ ᠢᠶᠠᠷ ᠲᠣᠭᠤᠷᠢᠨ ᠴᠠᠭᠳᠠᠬᠤ ᠠᠵᠢᠯ ᠢ ᠥᠷᠨᠢᠭᠦᠯᠪᠡ︔ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢᠨ ᠬᠤᠭᠤᠴᠠᠭᠠᠨ ᠳᠤ ᠰᠥᠨᠢ ᠶᠢᠨ ᠵᠠᠬ᠎ᠠ ᠳᠡᠯᠭᠡᠭᠦᠷ᠂ ᠪᠠᠭᠤᠳᠠᠯ ᠵᠡᠷᠭᠡ ᠬᠥᠮᠦᠰ ᠤᠨ ᠲᠣᠭᠲᠠᠭᠰᠠᠨ ᠴᠡᠭ ᠲᠤ ᠰᠠᠬᠢᠨ ᠰᠠᠭᠤᠬᠤ ᠵᠢᠴᠢ ᠬᠥᠳᠡᠯᠦᠩᠭᠦᠶ ᠪᠠᠷ ᠶᠠᠪᠠᠭᠠᠨ ᠢᠶᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠵᠡᠭᠡᠯᠢ ᠭᠤᠳᠤᠮᠵᠢ ᠶᠢᠨ ᠴᠠᠭᠳᠠᠭ᠎ᠠ ᠲᠠᠢ ᠠᠭᠤᠯᠵᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠡᠳᠦᠷ ᠴᠠᠭᠳᠠᠭ᠎ᠠ ᠲᠠᠢ ᠠᠭᠤᠯᠵᠠᠵᠤ᠂ ᠰᠥᠨᠢ ᠰᠡᠷᠡᠮᠵᠢ ᠶᠢᠨ ᠳ᠋ᠧᠩ ᠲᠠᠢ ᠠᠭᠤᠯᠵᠠᠬᠤ︾ ᠶᠢ ᠪᠡᠶᠡᠯᠡᠭᠦᠯᠪᠡ᠃ ᠪᠦᠬᠦ ᠡᠳᠦᠷ ᠤᠨ᠂ ᠪᠦᠬᠦ ᠲᠠᠯ᠎ᠠ ᠶᠢᠨ᠂ ᠥᠨᠴᠥᠭ ᠪᠤᠯᠤᠩ ᠦᠭᠡᠢ ᠨᠡᠶᠢᠭᠡᠮ ᠤᠨ ᠲᠠᠯ᠎ᠠ ᠶᠢᠨ ᠲᠣᠭᠤᠷᠢᠨ ᠰᠡᠷᠭᠡᠶᠢᠯᠡᠯᠲᠡ ᠪᠠᠷ ᠳᠠᠮᠵᠢᠭᠤᠯᠤᠨ᠂ ᠶᠠᠯᠠᠲᠤ ᠠᠵᠢᠯᠯᠠᠭ᠎ᠠ ᠶᠢᠨ ᠣᠷᠣᠨ ᠵᠠᠢ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠬᠠᠨ ᠪᠠᠭᠠᠰᠬᠠᠵᠤ᠂ ᠶᠠᠯᠠᠲᠤ ᠠᠵᠢᠯᠯᠠᠭ᠎ᠠ ᠶᠢᠨ ᠥᠪᠡᠷ ᠤᠨ ᠦᠷᠳᠡᠭ ᠢ ᠳᠡᠭᠡᠭᠰᠢᠯᠡᠭᠦᠯᠦᠨ᠂ ᠳᠣᠲᠣᠭᠠᠳᠤ ᠶᠢ ᠬᠠᠮᠠᠭᠠᠯᠠᠬᠤ ᠬᠦᠨᠲᠦ ᠴᠢᠩᠭ᠎ᠠ ᠰᠦᠷᠳᠡᠭᠦᠯᠦᠯ ᠤᠨ ᠬᠦᠴᠦᠨ ᠢᠶᠠᠷ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠴᠤᠬᠤᠶᠢᠯᠲᠠ ᠶᠢ ᠰᠦᠷᠳᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠲᠤ ᠶᠠᠭᠠᠬᠢᠭᠰᠠᠨ ᠴᠤ ᠵᠠᠪᠰᠢᠬᠤ ᠲᠣᠬᠢᠶᠠᠯ ᠣᠯᠭᠤᠵᠤ ᠪᠣᠯᠬᠤ ᠦᠭᠡᠢ᠂ ᠪᠣᠳᠠᠲᠤ ᠠᠵᠢᠯᠯᠠᠭ᠎ᠠ ᠪᠠᠷ ᠢᠶᠠᠨ ᠬᠥᠮᠦᠨ ᠤ ᠶᠢᠷᠲᠢᠨᠴᠦ ᠶᠢᠨ ︽ᠰᠦᠷᠳᠡᠭᠦᠯᠦᠯ︾ ᠳᠤ ︽ᠠᠶᠤᠯᠭᠦᠢ ᠨᠡᠭᠡᠯᠡᠬᠡᠶ︾ ᠤᠭᠰᠠᠷᠠᠭᠰᠠᠨ ᠪᠠᠶᠢᠪᠠ᠃
  硬核守护,“百日行动”中的特巡警力量!2.jpg
      ᠰᠥᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭᠠᠨ ᠤ ᠶᠡᠭᠡ ᠠᠩᠭᠢ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠦᠴᠢᠷ ᠠᠴᠠ ᠠᠶᠤᠬᠤ ᠥᠬᠡᠶ᠂ ᠶᠠᠳᠠᠷᠠᠯ ᠵᠦᠳᠡᠷᠡᠯ ᠠᠴᠠ ᠠᠶᠤᠬᠤ ᠥᠬᠡᠶ᠂ ᠵᠣᠷᠢᠭᠲᠠᠶ ᠪᠠᠶᠢᠯᠳᠤᠵᠤ ᠵᠣᠷᠢᠭᠲᠠᠶ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠢᠮᠠᠭᠲᠠ ᠬᠡᠬᠦᠳᠡᠭ ᠳᠦᠭᠦᠷᠡᠩ ᠣᠶᠤᠨ ᠰᠠᠨᠠᠭᠠᠨ ᠤ ᠳᠦᠷᠰᠦ ᠪᠠᠶᠢᠳᠠᠯ ᠪᠠ ᠣᠮᠤᠭ ᠲᠡᠭᠦᠯᠳᠡᠷ ᠳᠠᠶᠢᠴᠢᠨ ᠵᠣᠷᠢᠭ ᠢᠶᠠᠷ ᠨᠡᠶᠢᠭᠡᠮ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠰᠠᠬᠢᠨ ᠬᠠᠮᠠᠭᠠᠯᠠᠵᠤ᠂ ᠠᠷᠠᠳ ᠣᠯᠠᠨ ᠤ ᠲᠠᠶᠢᠪᠤᠩᠳᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠪᠥᠭᠡᠳ ᠪᠣᠳᠠᠲᠠᠶ ᠠᠬᠢᠭᠤᠯᠵᠤ᠂ ᠪᠣᠳᠠᠲᠤ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ 
ᠢᠷᠡᠯᠲᠡ᠄ ᠲᠣᠲᠣᠷᠬᠠᠢ ᠦᠭᠡᠢ