︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠪᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠰᠢᠷᠢᠰ ᠲᠠᠶᠢᠯᠤᠮᠵᠢ᠄ ᠬᠤᠪᠢ ᠬᠤᠳᠠᠯᠳᠤᠭᠠᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ
ᠨᠡᠶᠢᠲᠡᠯᠡᠭᠰᠡᠨ ᠴᠠᠭ᠄
2022/9/27
      ᠦᠢᠯᠡᠳᠦᠯᠭᠡ ᠶᠢᠨ ᠳᠤᠮᠳᠠ᠂ ᠵᠠᠷᠢᠮ ᠮᠠᠰᠢᠨᠲᠤ ᠲᠡᠷᠭᠡᠨ ᠤ ᠵᠢᠯᠣᠭᠤᠴᠢ 12 ᠬᠤᠪᠢ ᠪᠠᠨ ᠪᠦᠬᠦᠨ ᠢ ᠲᠡᠮᠳᠡᠭᠯᠡᠬᠦ ᠠᠴᠠ ᠵᠠᠶᠢᠯᠠᠰᠬᠢᠬᠦ ᠶᠢᠨ ᠲᠥᠯᠥᠭᠡ᠂ ᠪᠤᠰᠤᠳ ᠬᠥᠮᠦᠨ ᠢ ᠵᠠᠯᠠᠵᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠬᠤᠪᠢ ᠲᠡᠮᠳᠡᠭᠯᠡᠬᠦ ᠶᠢ ᠣᠷᠣᠯᠠᠭᠤᠯᠤᠨ ᠰᠢᠢᠳᠪᠦᠷᠢᠯᠡᠭᠦᠯᠵᠦ᠂ ᠬᠠᠤᠯᠢ ᠴᠠᠭᠠᠵᠠ ᠶᠢᠨ ᠲᠦᠷᠢᠮ ᠤᠨ ᠡᠷᠬᠡ ᠰᠦᠷᠲᠦ ᠴᠢᠨᠠᠷ ᠪᠠ ᠬᠤᠪᠢ ᠲᠡᠮᠳᠡᠭᠯᠡᠬᠦ ᠲᠦᠷᠢᠮ ᠤᠨ ᠬᠥᠮᠦᠵᠢᠭᠦᠯᠦᠨ ᠵᠢᠯᠣᠭᠤᠳᠬᠤ ᠴᠢᠳᠠᠮᠵᠢ ᠶᠢ ᠬᠦᠨᠳᠦ ᠨᠣᠴᠢᠲᠠᠶ ᠬᠤᠬᠢᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠬᠦᠨᠳᠦ ᠨᠣᠴᠢᠲᠠᠶ ᠬᠤᠬᠢᠷᠠᠭᠤᠯᠤᠭᠰᠠᠨ ᠪᠠᠶᠢᠨ᠎ᠠ᠃ ᠢᠯᠠᠩᠭᠤᠶ᠎ᠠ ᠵᠠᠷᠢᠮ ᠬᠠᠤᠯᠢ ᠪᠤᠰᠤ ᠬᠥᠮᠦᠰ ᠡᠭᠦᠨ ᠢᠶᠠᠷ ᠠᠰᠢᠭ ᠬᠤᠨᠵᠢᠪᠣᠷᠢ ᠣᠯᠵᠤ᠂ ᠬᠤᠳᠠᠯᠳᠤᠭᠠᠯᠠᠬᠤ ᠶᠢ ᠵᠣᠬᠢᠶᠠᠨ ᠪᠠᠶᠢᠭᠤᠯᠵᠤ᠂ ᠲᠠᠨᠢᠯᠴᠠᠭᠤᠯᠵᠤ ᠥᠭᠭᠦᠭᠡᠳ ᠲᠦᠢᠯ ᠤᠨ ᠮᠠᠭᠤ ᠨᠥᠯᠥᠭᠡ ᠭᠠᠷᠭᠠᠵᠤ ᠪᠠᠶᠢᠨ᠎ᠠ᠃ ᠬᠤᠪᠢ ᠬᠤᠳᠠᠯᠳᠤᠭᠠᠯᠠᠬᠤ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠪᠠᠭᠠᠰᠬᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠨ᠎ᠡ ᠪᠠᠷ ᠲᠣᠭᠲᠠᠭᠠᠭᠰᠠᠨ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠪᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠳᠤ ᠬᠤᠪᠢ ᠬᠤᠳᠠᠯᠳᠤᠭᠠᠯᠠᠬᠤ ᠵᠢᠴᠢ ᠪᠤᠰᠤᠳ ᠢ ᠵᠣᠬᠢᠶᠠᠨ ᠪᠠᠶᠢᠭᠤᠯᠤᠨ ᠬᠤᠪᠢ ᠬᠤᠳᠠᠯᠳᠤᠭᠠᠯᠠᠵᠤ ᠠᠵᠤ ᠠᠬᠤᠶ ᠶᠢᠨ ᠠᠰᠢᠭ ᠲᠤᠰᠠ ᠣᠯᠬᠤ ᠦᠢᠯᠡ ᠠᠵᠢᠯᠯᠠᠭ᠎ᠠ ᠳᠤ ᠵᠣᠬᠢᠴᠠᠩᠭᠤᠶ ᠬᠠᠷᠢᠭᠤᠴᠠᠯᠭ᠎ᠠ ᠶᠢ ᠲᠣᠭᠲᠠᠭᠠᠪᠠ᠃       ᠨᠢᠭᠡ ᠳᠤ᠂ ᠮᠠᠰᠢᠨᠲᠤ ᠲᠡᠷᠭᠡᠨ ᠤ ᠵᠢᠯᠣᠭᠤᠴᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠢᠳᠭᠡᠯ ᠢ ᠪᠤᠰᠤᠳ ᠢᠶᠠᠷ ᠣᠷᠣᠯᠠᠭᠤᠯᠤᠨ ᠬᠦᠯᠢᠶᠡᠨ ᠠᠪᠤᠭᠤᠯᠬᠤ ᠪᠠ ᠬᠤᠪᠢ ᠲᠡᠮᠳᠡᠭᠯᠡᠬᠦ ᠶᠢᠨ ᠬᠠᠮᠲᠤ ᠠᠵᠤ ᠠᠬᠤᠶ ᠶᠢᠨ ᠠᠰᠢᠭ ᠲᠤᠰᠠ ᠥᠭᠭᠦᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠥᠭᠬᠦ ᠠᠵᠤ ᠠᠬᠤᠶ ᠶᠢᠨ ᠠᠰᠢᠭ ᠲᠤᠰᠠ ᠶᠢᠨ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠂ ᠭᠡᠬᠦ ᠳᠤ ᠪᠠᠨ ᠬᠠᠮᠤᠭ ᠥᠨᠳᠥᠷ ᠲᠤ ᠪᠠᠨ ᠲᠠᠪᠤᠨ ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ︔ ᠡᠭᠦᠨ ᠤ ᠬᠠᠮᠲᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠤᠤᠯ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠭᠡᠨ ᠲᠣᠷᠭᠠᠬᠤ ᠬᠡᠷᠡᠭᠲᠡᠶ᠃       ᠬᠤᠶᠠᠷ ᠲᠤ᠂ ᠪᠣᠳᠠᠲᠠᠶ ᠮᠠᠰᠢᠨᠲᠤ ᠲᠡᠷᠭᠡᠨ ᠤ ᠵᠢᠯᠣᠭᠤᠴᠢ ᠶᠢ ᠣᠷᠣᠯᠠᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠢᠳᠭᠡᠯ ᠢ ᠬᠦᠯᠢᠶᠡᠭᠰᠡᠨ ᠪᠠ ᠬᠤᠪᠢ ᠲᠡᠮᠳᠡᠭᠯᠡᠵᠦ ᠠᠵᠤ ᠠᠬᠤᠶ ᠶᠢᠨ ᠠᠰᠢᠭ ᠲᠤᠰᠠ ᠣᠯᠤᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠂ ᠭᠡᠬᠦ ᠳᠤ ᠪᠠᠨ ᠬᠠᠮᠤᠭ ᠤᠨ ᠥᠨᠳᠥᠷ ᠲᠤ ᠪᠠᠨ ᠲᠠᠪᠤᠨ ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠂ ᠨᠢᠭᠡ ᠤᠳᠠᠭ᠎ᠠ ᠳᠤ 12 ᠬᠤᠪᠢ ᠲᠡᠮᠳᠡᠭᠯᠡᠨ᠎ᠡ︔ ᠡᠭᠦᠨ ᠤ ᠬᠠᠮᠲᠤ᠂ ᠤᠤᠯ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠢ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃       ᠭᠤᠷᠪᠠ ᠳᠤ᠂ ᠪᠤᠰᠤᠳ ᠢ ᠵᠣᠬᠢᠶᠠᠨ ᠪᠠᠶᠢᠭᠤᠯᠵᠤ ᠬᠤᠪᠢᠶᠠᠨ ᠬᠤᠳᠠᠯᠳᠤᠭᠠᠯᠠᠭᠤᠯᠤᠭᠠᠳ ᠠᠵᠤ ᠠᠬᠤᠢ ᠶᠢᠨ ᠠᠰᠢᠭ ᠲᠤᠰᠠ ᠣᠯᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠵᠦ ᠣᠯᠤᠭᠰᠠᠨ ᠠᠰᠢᠭ ᠲᠤᠰᠠ ᠶᠢᠨ ᠬᠢᠨᠢ ᠲᠠᠪᠤᠨ ᠲᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠂ ᠭᠡᠬᠦ ᠳᠤ ᠪᠠᠨ ᠬᠠᠮᠤᠭ ᠥᠨᠳᠥᠷ ᠲᠤ ᠪᠠᠨ ᠠᠷᠪᠠᠨ ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ︔ ᠨᠢᠭᠡᠴᠢ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠵᠡᠷᠭᠡ ᠦᠢᠯᠡ ᠠᠵᠢᠯᠯᠠᠭ᠎ᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠭᠦᠨ᠎ᠡ᠃       ᠳᠥᠷᠪᠡ ᠳᠤ᠂ ᠣᠶᠢᠷ᠎ᠠ ᠶᠢᠨ ᠭᠤᠷᠪᠠᠨ ᠬᠤᠪᠢ ᠲᠡᠮᠳᠡᠭᠯᠡᠬᠦ ᠦᠶᠡᠯᠡᠯ ᠤᠨ ᠳᠣᠲᠣᠷ᠎ᠠ᠂ ᠮᠠᠰᠢᠨᠲᠤ ᠲᠡᠷᠭᠡᠨ ᠤ ᠵᠢᠯᠣᠭᠤᠴᠢ ᠶᠢᠨ ᠬᠤᠪᠢ ᠬᠤᠳᠠᠯᠳᠤᠭᠠᠯᠠᠭᠰᠠᠨ ᠠᠴᠠ ᠪᠣᠯᠵᠤ ᠰᠢᠢᠳᠭᠡᠯ ᠣᠯᠵᠤ ᠥᠩᠭᠡᠷᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠭᠦᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠳᠤᠮᠳᠠ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠪᠢ ᠲᠡᠮᠳᠡᠭᠯᠡᠬᠦ ᠶᠢ ᠬᠠᠰᠤᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃
ᠢᠷᠡᠯᠲᠡ᠄ ᠦᠪᠦᠷ ᠮᠤᠩᠭᠤᠯ ᠤᠨ ᠳᠤᠳᠤᠭᠠᠳᠤ ᠶᠢ ᠬᠠᠮᠠᠭᠠᠯᠠᠬᠤ ᠲᠢᠩᠬᠢᠮ