ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠳᠣᠲᠣᠭᠠᠳᠤ ᠶᠢ ᠬᠠᠮᠠᠭᠠᠯᠠᠬᠤ ︽ᠶᠡᠷᠦᠩᠬᠡᠶᠢᠯᠡᠭᠰᠡᠨ ᠴᠣᠩᠬᠤᠪᠴᠢ︾ ᠶᠢᠨ ᠰᠢᠨ᠎ᠡ ᠵᠠᠭᠪᠤᠷ ᠢ ᠪᠥᠬᠦ ᠬᠦᠴᠦᠨ ᠢᠶᠠᠷ ᠢᠶᠠᠨ ᠡᠭᠦᠳᠪᠡ
ᠨᠡᠶᠢᠲᠡᠯᠡᠭᠰᠡᠨ ᠴᠠᠭ᠄
2022/9/30
      ᠡᠨᠡ ᠵᠢᠯ ᠠᠴᠠ ᠡᠬᠢᠯᠡᠨ᠂ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ ᠨᠠᠩ ᠳᠥᠭᠦᠮ ᠳᠥᠲᠡ ᠦᠢᠯᠡᠴᠢᠯᠡᠭᠡ ᠬᠠᠩᠭᠠᠬᠤ ᠪᠠᠷ ᠬᠠᠷᠠᠯᠲᠠ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠳᠣᠲᠣᠭᠠᠳᠤ ᠶᠢ ᠬᠠᠮᠠᠭᠠᠯᠠᠬᠤ ︽ᠶᠡᠷᠦᠩᠬᠡᠶᠢᠯᠡᠭᠰᠡᠨ ᠴᠣᠩᠬᠤᠪᠴᠢ︾ ᠶᠢᠨ ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ ᠦᠢᠯᠡᠴᠢᠯᠡᠭᠡᠨ ᠤ ᠰᠢᠨ᠎ᠡ ᠵᠠᠭᠪᠤᠷ ᠢ  ᠡᠭᠦᠳᠪᠡ᠃ ︽ᠶᠡᠷᠦᠩᠬᠡᠶᠢᠯᠡᠭᠰᠡᠨ ᠴᠣᠩᠬᠤᠪᠴᠢ︾ ᠳᠤ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ ᠵᠡᠷᠭᠡ ᠲᠤᠬᠠᠶᠢᠯᠠᠭᠰᠠᠨ ᠠᠵᠢᠯ ᠢ ᠭᠠᠳᠠᠭᠰᠢ ᠵᠣᠯᠭᠠᠭᠤᠯᠬᠤ ᠲᠥᠬᠦᠭᠡᠷᠦᠮᠵᠢ ᠲᠣᠬᠢᠷᠠᠭᠤᠯᠬᠤ ᠪᠠᠷ ᠳᠠᠮᠵᠢᠭᠤᠯᠤᠨ᠂ ᠳᠡᠭᠡᠳᠦ ᠱᠠᠲᠤᠨ ᠤ ᠨᠢᠭᠡᠴᠢ ᠯᠦᠭᠡ ᠲᠣᠭᠠᠴᠢᠯᠠᠭᠰᠠᠨ ᠦᠨᠡᠮᠯᠡᠯ ᠤᠨ ᠡᠷᠬᠡ ᠣᠯᠭᠤᠬᠤ ᠶᠢ ᠭᠤᠶᠤᠴᠢᠯᠠᠵᠤ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ ᠵᠡᠷᠭᠡ ᠲᠤᠬᠠᠶᠢᠯᠠᠭᠰᠠᠨ ᠠᠵᠢᠯ ᠢ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢᠨ ᠬᠠᠮᠲᠤ᠂ ᠪᠣᠯᠪᠠᠰᠤᠷᠠᠯ ᠢ ᠴᠢᠩᠭᠠᠳᠬᠠᠨ᠂ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ ᠪᠠ ᠠᠮᠤᠷ ᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ᠃
全力打造公安“综合窗口”新模式.jpg
全力打造公安“综合窗口”新模式1.jpg
      ᠣᠳᠣᠬᠠᠨ ᠪᠣᠯᠲᠠᠯ᠎ᠠ᠂ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠨᠲᠡ 3 ᠶᠡᠷᠦᠩᠬᠡᠶᠢᠯᠡᠭᠰᠡᠨ ᠴᠣᠩᠬᠤᠪᠴᠢ ᠭᠠᠷᠭᠠᠵᠤ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠰᠦᠯᠵᠢᠶᠡᠨ ᠤ ᠠᠮᠤᠷ ᠲᠦᠪᠰᠢᠨ᠂ ᠬᠤᠤᠷ ᠴᠠᠭᠠᠵᠠᠯᠠᠬᠤ ᠵᠡᠷᠭᠡ 143 ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠣᠯᠠᠨ ᠲᠦᠮᠡᠨ ᠳᠤ ᠨᠡᠶᠢᠲᠡ 21575 ᠬᠥᠮᠦᠨ ᠤᠳᠠᠭ᠎ᠠ ᠦᠢᠯᠡᠴᠢᠯᠡᠪᠡ᠃
ᠢᠷᠡᠯᠲᠡ᠄ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ