ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠭᠤᠷᠪᠠᠳᠤᠭᠠᠷ ᠤᠳᠠᠭᠠᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠵᠢᠴᠢ ᠳᠥᠷᠪᠡᠳᠦᠭᠡᠷ ᠬᠤᠭᠤᠴᠠᠭᠠᠨ ᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ ᠶᠢ ᠨᠡᠶᠢᠲᠡᠯᠡᠬᠦ ᠶᠣᠰᠣᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/1/12
      1 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠳᠠᠭᠠᠭᠠᠨ ᠡᠷᠭᠢᠯᠡᠭᠰᠡᠨ ︽ᠳᠣᠲᠣᠭᠠᠳᠤ ᠶᠢ ᠬᠠᠮᠠᠭᠠᠯᠠᠭᠴᠢ ᠨᠠᠮ ᠢᠶᠠᠨ ᠳᠠᠭᠠᠵᠤ ᠰᠢᠨ᠎ᠡ ᠠᠶᠠᠨ ᠢ ᠬᠠᠮᠠᠭᠠᠯᠠᠶ᠎ᠠ︾ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠷᠪᠠᠳᠤᠭᠠᠷ ᠤᠳᠠᠭᠠᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠵᠢᠴᠢ ᠳᠥᠷᠪᠡᠳᠦᠭᠡᠷ ᠬᠤᠭᠤᠴᠠᠭᠠᠨ ᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ ᠶᠢᠨ ᠨᠡᠶᠢᠲᠡᠯᠡᠬᠦ ᠶᠣᠰᠣᠯᠠᠯ ᠢ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠣᠳᠣᠨ ᠲᠧᠯᠸᠢᠰ ᠤᠨ ᠰᠤᠪᠠᠭ ᠢᠶᠠᠷ ᠨᠡᠪᠲᠡᠷᠡᠭᠦᠯᠪᠡ᠃
8ffd92498b8bf46497a957401af6241.jpg
      ᠠᠵᠢᠯᠯᠠᠭ᠎ᠠ ᠨᠢ ︽ᠳᠣᠲᠣᠭᠠᠳᠤ ᠶᠢ ᠬᠠᠮᠠᠭᠠᠯᠠᠭᠴᠢ ᠨᠠᠮ ᠢᠶᠠᠨ ᠳᠠᠭᠠᠵᠤ ᠰᠢᠨ᠎ᠡ  ᠠᠶᠠᠨ  ᠢ  ᠬᠠᠮᠠᠭᠠᠯᠠᠶ᠎ᠠ︾  ᠭᠡᠳᠡᠭ  ᠢᠶᠠᠷ  ᠭᠤᠣᠯ  ᠰᠡᠳᠦᠪ  ᠪᠣᠯᠭᠠᠵᠤ᠂ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠬᠠᠪᠰᠤᠷᠤᠭᠴᠢ ᠴᠠᠭᠳᠠᠭ᠎ᠠ︾ ᠶᠢᠨ ᠱᠠᠩᠨᠠᠯ ᠣᠯᠭᠤᠬᠤ ᠪᠠᠷ ᠭᠤᠣᠯ ᠰᠢᠵᠢᠮ ᠪᠣᠯᠭᠠᠵᠤ᠂ ᠭᠤᠷᠪᠠᠨ ᠪᠦᠯᠦᠭ ᠢᠶᠠᠷ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ︽ᠨᠠᠮ ᠢᠶᠠᠨ ᠦᠨᠡᠨᠴᠢ ᠪᠠᠷ ᠳᠠᠭᠠᠬᠤ︾ ︽ᠤᠮᠠᠷᠠᠲᠤ ᠬᠢᠯᠢ ᠳᠤ ᠬᠠᠯᠬᠠᠪᠴᠢ ᠪᠠᠶᠢᠭᠤᠯᠬᠤ︾ ︽ᠰᠢᠨ᠎ᠡ ᠠᠶᠠᠨ ᠢ ᠬᠠᠮᠠᠭᠠᠯᠠᠬᠤ︾ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ 2022 ᠣᠨ ᠤ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ ᠶᠡᠭᠡ ᠠᠮᠤᠷ ᠢ ᠬᠠᠮᠠᠭᠠᠯᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠬᠠᠮᠠᠭᠠᠯᠠᠬᠤ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠢᠯᠡᠷᠡᠭᠦᠯᠪᠡ᠃
1ccdb874c1c41d29b01ac660d7c29bc.jpg
      ᠲᠤᠰ ᠤᠳᠠᠭ᠎ᠠ ᠶᠢᠨ ᠰᠢᠯᠭᠠᠷᠠᠭᠤᠯᠬᠤ ᠠᠵᠢᠯᠯᠠᠭ᠎ᠠ 11 ᠰᠠᠷ᠎ᠠ ᠶᠠᠪᠤᠭᠳᠠᠵᠤ᠂ ᠠᠶᠢᠮᠠᠭ ᠬᠤᠳᠠ ᠶᠢᠨ ᠲᠠᠨᠢᠯᠴᠠᠭᠤᠯᠭ᠎ᠠ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠦᠢᠯᠡ ᠠᠵᠢᠯᠯᠠᠭ᠎ᠠ ᠶᠢ ᠳᠡᠯᠭᠡᠨ ᠦᠵᠡᠭᠦᠯᠬᠦ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ᠂ ᠰᠠᠷ᠎ᠠ ᠶᠢᠨ ᠰᠢᠯᠭᠠᠷᠠᠭᠤᠯᠤᠯᠲᠠ᠂ ᠤᠯᠤᠰ ᠲᠦᠷᠦ ᠶᠢᠨ ᠬᠢᠨᠠᠨ ᠪᠠᠶᠢᠴᠠᠭᠠᠯᠲᠠ ᠵᠡᠷᠭᠡ ᠰᠣᠩᠭᠤᠨ ᠳᠡᠪᠰᠢᠭᠦᠯᠬᠦ ᠲᠡᠰ ᠳᠠᠷᠠᠭᠠᠯᠠᠯ ᠢᠶᠠᠷ ᠳᠠᠮᠵᠢᠵᠤ᠂ ᠬᠠᠮᠤᠭ ᠡᠴᠦᠰ ᠲᠤ ᠨᠢᠭᠡ ᠪᠦᠯᠦᠭ ᠪᠣᠳᠠᠲᠤ ᠪᠦᠲᠦᠮᠵᠢ ᠪᠠᠷ ᠰᠠᠶᠢᠨ᠂ ᠦᠢᠯᠡ ᠠᠵᠢᠯᠯᠠᠭ᠎ᠠ ᠪᠠᠷ ᠬᠥᠮᠦᠰ ᠤᠨ ᠰᠡᠳᠬᠢᠯ ᠢ ᠬᠥᠳᠡᠯᠭᠡᠮ᠎ᠡ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠠᠢ᠃
7403cb5b8ec41a1232973387e73723f.jpg
     ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ︽ᠬᠠᠮᠤᠭ ᠠᠴᠠ ᠪᠠᠭ᠋ᠠᠷᠬᠠᠯᠲᠠᠢ︾ ᠶᠢ ᠢᠯᠡᠷᠡᠭᠦᠯᠬᠦ᠂ ︽ᠬᠠᠮᠤᠭ ᠠᠴᠠ ᠪᠠᠭ᠋ᠠᠷᠬᠠᠯᠲᠠᠢ︾ ᠶᠢ ᠰᠣᠩᠭᠤᠬᠤ᠂ ︽ᠬᠠᠮᠤᠭ ᠠᠴᠠ ᠪᠠᠭ᠋ᠠᠷᠬᠠᠯᠲᠠᠢ︾ ᠶᠢ ᠰᠤᠷᠤᠯᠴᠠᠬᠤ᠂ ︽ᠬᠠᠮᠤᠭ ᠠᠴᠠ ᠪᠠᠭ᠋ᠠᠷᠬᠠᠯᠲᠠᠢ︾ ᠪᠣᠯᠬᠤ ᠪᠠᠷ ᠴᠢᠷᠮᠠᠶᠢᠬᠤ ᠶᠢ ᠴᠠᠭᠳᠠᠭᠠᠨ ᠤ ᠬᠤᠸᠠᠷᠠᠨ ᠳᠤ ᠬᠡᠪ ᠵᠠᠩᠰᠢᠯ ᠪᠣᠯᠭᠠᠬᠤ ᠪᠠᠷ ᠴᠢᠷᠮᠠᠶᠢᠵᠤ᠂ ︽ᠲᠦᠷᠪᠡᠨ ᠲᠡᠮᠤᠷ ᠮᠡᠲᠦ︾ ᠳᠣᠲᠣᠭᠠᠳᠤ ᠶᠢ ᠬᠠᠮᠠᠭᠠᠯᠠᠬᠤ ᠲᠡᠮᠤᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃
ᠢᠷᠡᠯᠲᠡ᠄ ᠳᠤᠳᠤᠭᠠᠳᠤ ᠶᠢ ᠬᠠᠮᠠᠭᠠᠯᠠᠬᠤ ᠲᠢᠩᠬᠢᠮ