ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠪᠣᠳᠠᠲᠠᠢ ᠪᠠᠷ ᠠᠳᠬᠤᠵᠤ ᠵᠢᠯ ᠤᠨ ᠡᠬᠢᠨ ᠳᠤ ᠠᠵᠤ ᠠᠬᠤᠢ ᠶᠢᠨ | ᠠᠵᠢᠯᠯᠠᠭᠠᠨ ᠤ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠢ ᠲᠣᠭᠲᠠᠭᠤᠨ ᠢᠶᠠᠷ ᠬᠠᠩᠭᠠᠬᠤ ᠳᠤ ᠪᠠᠲᠤ ᠰᠠᠭᠤᠷᠢ ᠲᠠᠯᠪᠢᠬᠤ ᠲᠤᠬᠠᠢ ᠪᠠᠶᠢᠷᠢᠯᠠᠭᠤᠯᠤᠯᠲᠠ ᠬᠢᠪᠡ | ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠦᠷᠭᠡᠨ ᠰᠡᠷᠭᠦᠭᠡᠯᠲᠡ ᠪᠠ ᠲᠣᠭᠲᠠᠭᠤᠨ ᠢ ᠪᠠᠲᠤᠯᠠᠵᠤ ᠠᠵᠤ ᠠᠬᠤᠢ ᠳᠤ | ᠦᠵᠡᠭᠦᠯᠬᠦ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 28 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠺᠧ ᠴᠢᠶᠠᠩ 1 ᠳ᠋ᠦ᠋ᠭᠡᠷ ᠰᠠᠷ᠎ᠠ ᠶᠢᠨ 28 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠪᠣᠳᠠᠲᠠᠢ ᠪᠠᠷ ᠠᠳᠬᠤᠵᠤ᠂ ᠵᠢᠯ ᠤᠨ ᠡᠬᠢᠨ ᠳᠤ ᠠᠵᠤ ᠠᠬᠤᠢ ᠶᠢᠨ ᠠᠵᠢᠯᠯᠠᠭᠠᠨ ᠤ | ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ︔ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠮᠤ | ᠪᠤᠳᠠᠭᠠᠨ ᠤ ᠡᠯᠪᠡᠭ ᠬᠤᠷᠢᠶᠠᠯᠲᠠ ᠣᠯᠬᠤ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠢᠶᠠᠷ ᠬᠠᠩᠭᠠᠬᠤ ᠳᠤ ᠪᠠᠲᠤ ᠰᠠᠭᠤᠷᠢ ᠲᠠᠯᠪᠢᠬᠤ ᠲᠤᠬᠠᠢ | ᠪᠠᠶᠢᠷᠢᠯᠠᠭᠤᠯᠤᠯᠲᠠ ᠬᠢᠪᠡ︔ ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠦᠷᠭᠡᠨ ᠰᠡᠷᠭᠦᠭᠡᠯᠲᠡ ᠪᠠ ᠲᠣᠭᠲᠠᠭᠤᠨ ᠢ ᠪᠠᠲᠤᠯᠠᠵᠤ ᠂ | ᠠᠵᠤ ᠠᠬᠤᠢ ᠳᠤ ᠦᠵᠡᠭᠦᠯᠬᠦ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠂ ᠣᠳᠣᠬᠠᠨ ᠳᠤ ᠠᠵᠤ ᠠᠬᠤᠢ ᠦᠷᠭᠦᠯᠵᠢᠯᠡᠨ ᠰᠡᠷᠭᠦᠨ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠠᠷ | ᠬᠦᠴᠦᠯᠡᠨ ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠬᠡᠷᠡᠭᠲᠡᠢ᠃ ᠠᠵᠤ ᠠᠬᠤᠢ ᠶᠢ ᠲᠣᠭᠲᠠᠪᠤᠷᠢᠵᠢᠭᠤᠯᠬᠤ | ᠠᠯᠢ ᠣᠯᠠᠨ ᠲᠦᠷᠤ ᠶᠢᠨ ᠪᠣᠳᠣᠯᠭ᠎ᠠ ᠪᠠ ᠦᠷᠭᠦᠯᠵᠢᠯᠡᠬᠦᠶᠢᠴᠡ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ᠂ ᠮᠥᠩᠭᠦᠨ | ᠭᠦᠢᠯᠭᠡᠭᠡᠨ ᠤ ᠪᠠᠭᠠᠵᠢ ᠪᠠᠷ ᠳᠡᠮᠵᠢᠭᠰᠡᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ | ᠠᠬᠢᠭᠤᠯᠵᠤ᠂ ᠨᠡᠩ ᠤᠯᠠᠨ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠤᠢ ᠪᠣᠯᠭᠠᠵᠤ᠂ ᠤᠤᠯ ᠤᠨ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠭᠠᠭᠰᠠᠨ ᠪᠠᠭ᠎ᠠ | ᠬᠡᠪᠴᠢᠶᠡᠨ ᠤ ᠭᠠᠶᠢᠯᠢ ᠲᠤᠰᠢᠶᠠᠭᠴᠢ ᠶᠢᠨ ᠦᠷᠳᠡᠭ ᠨᠡᠮᠡᠭᠳᠡᠯ ᠤᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠵᠡᠷᠭᠡ | ᠲᠦᠷᠤ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ︽ᠬᠤᠶᠠᠷ ᠢ ᠥᠴᠥᠬᠡᠨ ᠴᠦ ᠭᠤᠶᠢᠪᠢᠰᠢ ᠦᠭᠡᠢ ᠠᠳᠬᠤᠬᠤ︾ ᠶᠢ ᠪᠠᠷᠢᠮᠲᠠᠯᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠣᠢ ᠪᠣᠯᠭᠠᠨ᠎ᠠ ᠃ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠲᠡᠮᠵᠢᠨ᠎ᠠ᠃ ᠪᠠᠶᠠᠷ ᠤᠨ ᠡᠳᠦᠷ ᠤᠨ ᠳᠠᠷᠠᠭ᠎ᠠ ᠠᠵᠤ ᠠᠬᠤᠶᠢᠯᠠᠯ ᠤᠨ ᠦᠳᠲᠡᠷ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠵᠤ᠂ ᠬᠥᠯᠥᠰᠦᠨ ᠠᠵᠢᠯᠴᠢᠨ ᠤ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠣᠯᠬᠤ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ | ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤ ᠪᠠᠷ ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠤ ᠳᠡᠭᠡᠭᠰᠢᠯᠡᠬᠦ ᠬᠠᠨᠳᠤᠰᠢ ᠶᠢ ᠲᠠᠬᠢᠨ ᠪᠠᠬᠢᠵᠢᠭᠦᠯᠦᠨ ᠥᠷᠭᠡᠳᠬᠡᠬᠦ | ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠵᠢᠯ ᠤᠨ ᠠᠵᠢᠯ ᠬᠠᠪᠤᠷ ᠠᠴᠠ ᠡᠬᠢᠯᠡᠳᠡᠭ ᠭᠡᠳᠡᠭᠴᠢᠯᠡᠨ ᠬᠠᠪᠤᠷ ᠤᠨ ᠲᠠᠷᠢᠶᠠᠯᠠᠭ᠎ᠠ ᠶᠢᠨ ᠠᠮᠤ ᠪᠤᠳᠠᠭᠠᠨ ᠤ ᠤᠨᠠᠯᠲᠠ ᠪᠦᠬᠦ ᠵᠢᠯ ᠤᠨ | ᠵᠢᠷᠭᠤᠭᠠᠨ ᠬᠤᠪᠢ ᠣᠷᠴᠢᠮ ᠢ ᠡᠵᠡᠯᠡᠵᠦ᠂ ᠬᠠᠪᠤᠷ ᠤᠨ ᠬᠠᠮᠢᠶᠠᠷᠤᠯᠲᠠ ᠶᠢᠨ ᠠᠮᠤ ᠪᠤᠳᠠᠭᠠᠨ ᠤ ᠤᠨᠠᠯᠲᠠ ᠭᠤᠣᠯ ᠠᠮᠤ ᠪᠤᠳᠠᠭᠠᠨ ᠤ ᠠᠷᠪᠠᠨ ᠤ ᠳᠥᠷᠪᠡᠨ ᠬᠤᠪᠢ | ᠣᠷᠴᠢᠮ ᠢ ᠡᠵᠡᠯᠡᠵᠦ ᠪᠠᠶᠢᠨ᠎ᠠ᠃ ᠬᠤᠶᠠᠳᠤᠭᠠᠷ ᠰᠠᠷ᠎ᠠ ᠶᠢᠨ ᠡᠬᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠪᠠᠶᠢᠷᠢᠯᠠᠭᠤᠯᠤᠯᠲᠠ | ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠲᠣᠭᠲᠠᠭᠤᠨ ᠢᠶᠠᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠪᠠᠷᠠᠭᠠᠨ ᠤ ᠦᠨ᠎ᠡ ᠶᠢᠨ | ᠲᠣᠭᠲᠠᠭᠤᠨ ᠪᠠᠶᠢᠬᠤ ᠶᠢ ᠪᠠᠲᠤᠯᠠᠬᠤ ᠳᠤ ᠰᠠᠭᠤᠷᠢ ᠲᠠᠯᠪᠢᠬᠤ ᠬᠡᠷᠡᠭᠲᠡᠢ᠃ ᠨᠢᠭᠡ ᠳᠤ᠂ ᠪᠤᠭᠤᠳᠠᠢ᠂ ᠰᠢᠯᠢᠮᠳᠡᠭ ᠤᠨ ᠲᠠᠷᠢᠶᠠᠨ ᠤ ᠬᠠᠪᠤᠷ ᠤᠨ ᠤᠯᠠᠷᠢᠯ ᠤᠨ | ᠬᠠᠮᠢᠶᠠᠷᠤᠯᠲᠠ ᠶᠢ ᠰᠠᠶᠢᠲᠤᠷ ᠠᠳᠬᠤᠨ᠎ᠠ ᠃ ᠭᠠᠵᠠᠷ ᠣᠷᠣᠨ ᠪᠠ ᠴᠢᠬᠢ ᠮᠣᠳᠣᠨ ᠤ ᠪᠠᠶᠢᠳᠠᠯ ᠳᠤ ᠨᠢ ᠲᠣᠬᠢᠷᠠᠭᠤᠯᠤᠨ ᠮᠡᠷᠭᠡᠵᠢᠯ ᠤᠨ ᠵᠢᠯᠣᠭᠤᠳᠤᠯᠭ᠎ᠠ ᠪᠠᠨ | ᠴᠢᠩᠭᠠᠳᠬᠠᠵᠤ᠂ ᠬᠠᠪᠤᠷ ᠤᠨ ᠭᠠᠩ᠂ ᠬᠠᠪᠤᠷ ᠤᠨ ᠭᠡᠳᠡᠷᠭᠦ ᠬᠦᠢᠲᠡᠨ᠂ ᠡᠪᠡᠳᠴᠢᠨ ᠬᠤᠷᠣᠬᠠᠢ ᠶᠢᠨ ᠭᠠᠮᠰᠢᠭ ᠵᠡᠷᠭᠡ ᠭᠠᠢ ᠭᠠᠮᠰᠢᠭ ᠢ ᠴᠠᠭ ᠲᠤᠬᠠᠢ ᠳᠤ ᠨᠢ | ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠤᠨ ᠠᠮᠤ ᠪᠤᠳᠠᠭ᠎ᠠ ᠪᠣᠯᠣᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠬᠠᠷᠠᠯᠲᠠ ᠶᠢ ᠲᠦᠷᠭᠡᠬᠡᠨ | ᠲᠣᠳᠣᠷᠬᠠᠶᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠰᠢᠷ᠎ᠠ ᠪᠤᠷᠴᠠᠭ ᠳᠠᠷᠢᠬᠤ ᠲᠠᠯᠠᠪᠠᠶ ᠶᠢ | ᠲᠣᠭᠲᠠᠪᠤᠷᠢᠵᠢᠭᠤᠯᠤᠨ᠎ᠠ ᠃ ᠭᠤᠷᠪᠠ ᠳᠤ᠂ ᠪᠠᠲᠤᠯᠠᠭ᠎ᠠ ᠶᠢᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠃ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠢ ᠣᠷᠣᠨ ᠪᠦᠰᠡ ᠠᠯᠤᠰᠯᠠᠨ ᠲᠣᠬᠢᠷᠠᠭᠤᠯᠤᠨ ᠵᠥᠭᠡᠭᠡᠪᠦᠷᠢᠯᠡᠬᠦ ᠠᠵᠢᠯ ᠢ ᠰᠠᠶᠢᠲᠤᠷ ᠠᠳᠬᠤᠵᠤ᠂ ᠲᠠᠷᠢᠶᠠᠴᠢᠳ ᠤᠨ ᠦᠷ᠎ᠡ ᠪᠣᠷᠳᠣᠭᠤᠷ ᠪᠡᠯᠡᠳᠬᠡᠬᠦ ᠶᠢ | ᠲᠡᠮᠵᠢᠨ᠎ᠠ᠃ ᠲᠠᠷᠢᠶᠠᠯᠠᠩ ᠤᠨ ᠮᠡᠷᠭᠡᠵᠢᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠣᠯᠪᠠᠰᠤᠷᠠᠯ ᠢ ᠥᠷᠨᠢᠭᠦᠯᠦᠨ᠎ᠡ᠃ ᠲᠠᠷᠢᠶᠠᠯᠠᠩ ᠤᠨ | ᠮᠠᠰᠢᠨ ᠢ ᠪᠠᠶᠢᠴᠠᠭᠠᠨ ᠵᠠᠰᠠᠬᠤ ᠪᠠ ᠣᠷᠣᠨ ᠠᠯᠤᠰᠯᠠᠨ ᠮᠠᠰᠢᠨ ᠢᠶᠠᠷ ᠬᠠᠭᠠᠯᠪᠤᠷᠢᠯᠠᠵᠤ ᠲᠡᠷᠢᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠵᠢᠵᠢᠭ ᠲᠠᠷᠢᠶᠠᠴᠢᠨ ᠡᠷᠦᠭᠡ ᠶᠢ ᠬᠠᠪᠰᠤᠷᠴᠤ ᠲᠠᠷᠢᠶ᠎ᠠ ᠶᠢ ᠨᠢ ᠰᠠᠶᠢᠲᠤᠷ | ᠲᠠᠷᠢᠭᠤᠯᠤᠨ᠎ᠠ ᠃ ᠳᠥᠷᠪᠡ ᠳᠤ᠂ ᠨᠠᠭᠠᠲᠤ ᠵᠠᠬ᠎ᠠ ᠶᠢᠨ ᠬᠤᠳᠠᠯᠳᠤᠨ ᠠᠪᠬᠤ ᠦᠨ᠎ᠡ ᠪᠠ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠵᠡᠷᠭᠡ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠲᠠᠪᠤ ᠳᠤ᠂ ᠰᠢᠷ᠎ᠠ ᠪᠤᠷᠴᠠᠭ ᠲᠠᠷᠢᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠤᠭᠤᠳᠠᠢ ᠶᠢᠨ ︽ ᠨᠢᠭᠡ ᠶᠢ | ᠰᠦᠷᠴᠢᠵᠦ ᠭᠤᠷᠪᠠ ᠶᠢ ᠰᠡᠷᠭᠡᠶᠢᠯᠡᠬᠦ ︾ ᠨᠥᠬᠦᠪᠦᠷᠢ ᠶᠢ ᠨᠡᠶᠢᠳᠡᠮ ᠪᠦᠷᠬᠦᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ | ᠰᠡᠷᠭᠡᠶᠢᠯᠡᠨ ᠬᠢᠵᠠᠭᠠᠷᠯᠠᠬᠤ ᠪᠡᠯᠡ ᠮᠥᠩᠭᠦ ᠶᠢ ᠡᠷᠲᠡᠬᠡᠨ ᠪᠠᠭᠤᠯᠭᠠᠵᠤ᠂ ᠡᠮᠦᠨᠡᠲᠦ ᠣᠷᠣᠨ ᠤ ᠡᠷᠲᠡ ᠶᠢᠨ ᠲᠤᠲᠤᠷᠭ᠎ᠠ ᠶᠢᠨ ᠴᠢᠬᠢ ᠶᠢ ᠲᠥᠪᠯᠡᠷᠡᠭᠦᠯᠦᠨ | ᠪᠣᠶᠢᠵᠢᠭᠤᠯᠬᠤ ᠨᠥᠬᠦᠪᠦᠷᠢ ᠶᠢ ᠬᠡᠷᠡᠭᠵᠢᠭᠦᠯᠵᠦ᠂ ᠲᠠᠷᠢᠶᠠᠴᠢᠳ ᠤᠨ ᠢᠳᠡᠪᠬᠢᠵᠢᠯ ᠢ ᠲᠠᠶᠢᠴᠢᠯᠠᠨ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ᠂ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠦᠭᠡᠢ ᠪᠠᠶᠢᠭ᠎ᠠ ᠲᠣᠪᠣᠶᠢᠮ᠎ᠠ ᠵᠥᠷᠢᠴᠡᠯ ᠳᠤ ᠴᠢᠭᠯᠡᠭᠦᠯᠦᠨ᠂ ᠠᠰᠢᠭᠲᠠᠢ ᠪᠠᠶᠢᠳᠠᠯ ᠢ ᠠᠮᠵᠢᠨ | ᠬᠡᠷᠡᠭᠯᠡᠭᠡ ᠶᠢ ᠲᠦᠷᠭᠡᠳᠬᠡᠨ ᠰᠡᠷᠭᠦᠭᠡᠬᠦ ᠶᠢ ᠠᠬᠢᠭᠤᠯᠬᠤ ᠪᠠᠷ ᠠᠵᠤ ᠠᠬᠤᠢ ᠶᠢᠨ ᠭᠤᠣᠯ ᠲᠠᠲᠠᠬᠤ ᠬᠦᠴᠦᠨ ᠪᠣᠯᠭᠠᠵᠤ᠂ ᠭᠠᠳᠠᠭᠠᠳᠤ ᠨᠡᠭᠡᠭᠡᠯᠲᠡ ᠶᠢ ᠡᠷᠡᠰ | ᠭᠤᠶᠢᠪᠢᠰᠢ ᠦᠭᠡᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠪᠠᠶᠢᠬᠤ ᠶᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠬᠤ ᠬᠡᠷᠡᠭᠲᠡᠢ ᠃ ᠨᠢᠭᠡ ᠳᠤ᠂ ᠬᠡᠷᠡᠭᠯᠡᠭᠡ ᠶᠢ ᠬᠦᠴᠦᠯᠡᠨ ᠥᠷᠭᠡᠳᠬᠡᠨ᠎ᠡ᠃ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠶᠢ ᠠᠬᠢᠭᠤᠯᠵᠤ᠂ ᠮᠠᠰᠢᠨ ᠲᠡᠷᠭᠡ ᠵᠡᠷᠭᠡ ᠶᠢᠨ ᠶᠡᠭᠡ | ᠬᠡᠮᠵᠢᠶᠡᠨ ᠤ ᠬᠡᠷᠡᠭᠯᠡᠭᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠃ ᠬᠡᠷᠡᠭᠯᠡᠭᠡ ᠶᠢ ᠠᠬᠢᠭᠤᠯᠬᠤ ᠤᠯᠠᠨ | ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠷᠦᠯᠴᠡᠬᠦ ᠬᠡᠯᠪᠡᠷᠢ ᠶᠢᠨ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠬᠤ ᠬᠡᠷᠡᠭᠲᠡᠢ ᠃ | ᠬᠡᠷᠡᠭᠯᠡᠭᠡᠨ ᠤ ᠵᠢᠭᠡᠯᠡᠯᠭᠡ ᠶᠢ ᠵᠦᠢ ᠵᠣᠬᠢᠰᠲᠠᠢ ᠨᠡᠮᠡᠭᠳᠡᠭᠦᠯᠦᠨ᠎ᠡ᠃ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ | ᠲᠥᠷᠥ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠢ ᠰᠠᠶᠢᠲᠤᠷ ᠬᠡᠷᠡᠭᠯᠡᠵᠦ᠂ ᠣᠷᠣᠨ ᠰᠠᠭᠤᠴᠠ ᠶᠢᠨ ᠵᠠᠪᠠᠯ ᠪᠠᠶᠢᠬᠤ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ | ᠳᠡᠮᠵᠢᠵᠦ᠂ ᠪᠠᠲᠤᠯᠠᠭ᠎ᠠ ᠲᠠᠢ ᠲᠤᠰᠢᠶᠠᠬᠤ ᠠᠰᠠᠷ ᠤᠨ ᠠᠵᠢᠯ ᠢ ᠰᠠᠶᠢᠲᠤᠷ ᠬᠢᠨ᠎ᠡ᠃ ᠬᠤᠶᠠᠷ ᠲᠤ᠂ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ | ᠪᠣᠳᠣᠯᠭ᠎ᠠ ᠶᠢ ᠪᠠᠷᠢᠮᠲᠠᠯᠠᠵᠤ᠂ ᠪᠣᠳᠠᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠭᠠᠳᠠᠭᠠᠳᠤ ᠠᠷᠠᠯᠵᠢᠶ᠎ᠠ ᠶᠢ ᠴᠢᠷᠮᠠᠶᠢᠨ ᠲᠣᠭᠲᠠᠪᠤᠷᠢᠵᠢᠭᠤᠯᠤᠨ᠎ᠠ᠃ | ᠤᠯᠤᠰ ᠤᠨ ᠳᠣᠲᠣᠭᠠᠳᠤ ᠶᠢᠨ ᠰᠦᠯᠵᠢᠶᠡᠨ ᠠᠴᠠ ᠭᠠᠳᠠᠨᠠᠬᠢ ᠦᠵᠡᠰᠬᠦᠯᠡᠩ ᠢ ᠰᠡᠷᠭᠦᠭᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠢᠯᠢ ᠠᠴᠠ ᠭᠠᠷᠴᠤ | ᠦᠵᠡᠰᠬᠦᠯᠡᠩ ᠳᠤ ᠣᠷᠤᠯᠴᠠᠬᠤ ᠶᠢ ᠳᠡᠮᠵᠢᠨ᠎ᠡ ᠃ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ᠂ ᠢᠲᠡᠭᠡᠮᠵᠢᠲᠦ ᠵᠢᠭᠡᠯᠡᠯᠭᠡ᠂ ᠢᠲᠡᠭᠡᠮᠵᠢ ᠶᠢᠨ ᠪᠠᠲᠤᠯᠠᠭ᠎ᠠ | ᠵᠡᠷᠭᠡ ᠶᠢᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠵᠤ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠣᠷᠮ᠎ᠠ ᠶᠢᠨ ᠦᠨᠳᠦᠰᠦᠨ ᠳᠤ ᠪᠠᠨ ᠵᠦᠢ ᠵᠣᠬᠢᠰᠲᠠᠢ | ᠪᠥᠭᠡᠳ ᠲᠡᠩᠴᠡᠭᠦᠷᠢᠲᠡᠢ ᠲᠦᠪᠰᠢᠨ ᠳᠤ ᠪᠠᠶᠢᠬᠤ ᠶᠢ ᠲᠣᠭᠲᠠᠭᠤᠨ ᠢᠶᠠᠷ ᠪᠠᠲᠤᠯᠠᠨ᠎ᠠ ᠃ ᠠᠵᠤ ᠠᠬᠤᠶᠢᠯᠠᠯ ᠤᠨ ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠰᠠᠶᠢᠲᠤᠷ ᠠᠰᠢᠭᠯᠠᠵᠤ ᠪᠠᠶᠢᠭᠠᠳ ᠵᠠᠬ᠎ᠠ ᠳᠡᠯᠭᠡᠭᠦᠷ ᠢ ᠥᠷᠭᠡᠳᠬᠡᠬᠦ ᠶᠢ ᠳᠡᠮᠵᠢᠨ᠎ᠡ ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ᠂ ᠭᠠᠳᠠᠭᠠᠳᠤ ᠳᠠᠬᠢ ᠬᠥᠮᠥᠷᠭᠡ ᠵᠡᠷᠭᠡ ᠶᠢᠨ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠶᠢ ᠵᠦᠢ ᠵᠣᠬᠢᠰᠲᠠᠢ ᠥᠷᠭᠡᠳᠬᠡᠨ᠎ᠡ᠃ ᠭᠤᠷᠪᠠ ᠳᠤ᠂ ᠭᠠᠳᠠᠭᠠᠳᠤ ᠪᠡᠯᠡ ᠶᠢ | ᠢᠳᠡᠪᠬᠢᠲᠡᠢ ᠪᠠᠷ ᠲᠠᠲᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠨᠡᠭᠡᠭᠡᠬᠦ ᠠᠵᠤ ᠦᠢᠯᠡᠰ ᠤᠨ ᠰᠢᠨ᠎ᠡ ᠭᠠᠷᠴᠠᠭ ᠢ ᠲᠦᠷᠭᠡᠪᠴᠢᠯᠡᠨ | ᠨᠠᠶᠢᠳᠠᠪᠤᠷᠢᠵᠢᠭᠤᠯᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠡᠮᠵᠢᠨ᠎ᠠ᠃ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠬᠥᠮᠥᠰ ᠤᠨ ᠬᠢᠯᠢ ᠠᠯᠤᠰᠯᠠᠨ ᠶᠠᠪᠤᠯᠴᠠᠬᠤ ᠳᠤ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ | ᠴᠢᠬᠤᠯᠠ ᠶᠡᠭᠡ ᠲᠥᠷᠥᠯ ᠵᠦᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |