ᠵᠧᠩ ᠭᠤᠸᠠᠩ ᠵᠤᠤ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠭᠰᠠᠨ ᠪᠥᠭᠡᠳ ᠨᠢᠭᠡᠳᠦᠭᠡᠷ ᠹᠷᠣᠨᠲ ᠤᠨ ᠠᠮᠤᠷ ᠢ ᠬᠠᠮᠠᠭᠠᠯᠠᠬᠤ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/1/31
      1 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠢᠷᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠭᠰᠠᠨ ᠪᠥᠭᠡᠳ ᠨᠢᠭᠡᠳᠦᠭᠡᠷ ᠹᠷᠣᠨᠲ ᠤᠨ ᠠᠮᠤᠷ ᠢ ᠬᠠᠮᠠᠭᠠᠯᠠᠬᠤ ᠠᠵᠢᠯᠲᠠᠳ ᠢ ᠲᠣᠬᠤᠨᠢᠭᠤᠯᠪᠠ᠃
郑光照检查自治区“两会”安保工作并慰问一线安保人员.jpg
      ᠵᠧᠩ ᠭᠤᠸᠠᠩ ᠵᠤᠤ ᠬᠤᠷᠠᠯ ᠤᠨ ᠲᠠᠯᠠᠪᠠᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠣᠷᠣᠬᠤ ᠡᠭᠦᠳᠡ ᠵᠢᠴᠢ ᠭᠠᠯ ᠤᠨᠲᠠᠷᠠᠭᠠᠬᠤ ᠵᠢᠵᠢᠭᠦᠷ ᠤᠨ ᠭᠠᠵᠠᠷ ᠵᠡᠷᠭᠡ ᠭᠠᠵᠠᠷ ᠤᠨ ᠠᠮᠤᠷ ᠢ ᠬᠠᠮᠠᠭᠠᠯᠠᠬᠤ ᠲᠥᠬᠦᠭᠡᠷᠦᠮᠵᠢ ᠶᠢ ᠨᠠᠷᠢᠨ ᠪᠠᠶᠢᠴᠠᠭᠠᠵᠤ᠂ ᠬᠤᠷᠠᠯ ᠤᠨ ᠲᠠᠯᠠᠪᠠᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠴᠠᠭᠳᠠᠭ᠎ᠠ᠂ ᠣᠨᠴᠠ ᠲᠥᠷᠥᠯ  ᠤᠨ  ᠴᠠᠭᠳᠠᠭ᠎ᠠ  ᠶᠢᠨ  ᠵᠢᠵᠢᠭᠦᠷᠯᠡᠵᠦ  ᠪᠡᠯᠡᠳᠬᠡᠭᠰᠡᠨ  ᠪᠠᠶᠢᠳᠠᠯ  ᠢ  ᠨᠠᠷᠢᠨ ᠣᠶᠢᠯᠠᠭᠠᠵᠤ᠂ ᠡᠯ᠎ᠡ ᠰᠠᠯᠠᠭ᠎ᠠ ᠮᠥᠴᠢᠷ ᠤᠨ ᠬᠢᠨ  ᠢ  ᠵᠢᠵᠢᠭᠦᠷᠯᠡᠨ  ᠰᠠᠬᠢᠬᠤ  ᠪᠠᠨ  ᠴᠢᠩᠭᠠᠳᠬᠠᠵᠤ᠂ ︽ᠥᠴᠦᠬᠡᠨ ᠴᠦ ᠠᠯᠳᠠᠬᠤ ᠥᠬᠡᠶ︾ ᠠᠵᠢᠯ ᠤᠨ ᠪᠠᠷᠢᠮᠵᠢᠶ᠎ᠠ ᠶᠣᠰᠣᠭᠠᠷ᠂ ᠨᠠᠷᠢᠨ ᠬᠢᠨᠠᠮᠠᠭᠠᠢ ᠠᠵᠢᠯ ᠤᠨ ᠰᠤᠷᠲᠠᠯ ᠢ ᠪᠠᠷᠢᠮᠲᠠᠯᠠᠨ ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠳᠤ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠶ ᠭᠡᠵᠦ ᠱᠠᠭᠠᠷᠳᠠᠪᠠ᠃      ︽ᠬᠤᠶᠠᠷ ᠬᠤᠷᠠᠯ︾ ᠤᠨ ᠲᠤᠬᠠᠢ ᠶᠢᠨ ᠲᠠᠯᠠᠪᠠᠢ ᠶᠢᠨ ᠠᠮᠤᠷ ᠢ ᠬᠠᠮᠠᠭᠠᠯᠠᠬᠤ ᠠᠵᠢᠯ ᠤᠨ ᠵᠢᠯᠣᠭᠤᠳᠬᠤ ᠭᠠᠵᠠᠷ ᠲᠤ᠂ ᠵᠧᠩ ᠭᠤᠸᠠᠩ ᠵᠤᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠠᠮᠲᠤᠷᠠᠭᠰᠠᠨ ᠦᠢᠯᠡᠴᠢᠯᠡᠭᠡᠨ ᠤ ᠠᠵᠢᠯ ᠤᠨ ᠵᠢᠯᠣᠭᠤᠳᠬᠤ ᠭᠠᠵᠠᠷ ᠵᠢᠴᠢ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ︽ᠳ᠋ᠦᠩ ᠵᠦᠩ ᠲᠤᠩ︾ ᠠᠵᠢᠯ ᠤᠨ ᠵᠢᠯᠣᠭᠤᠳᠬᠤ ᠭᠠᠵᠠᠷ ᠢ ᠲᠤᠬᠢᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠥᠩᠭᠡᠷᠡᠭᠰᠡᠨ ᠵᠢᠯ ᠤᠳ ᠲᠤ ᠬᠤᠷᠠᠮᠳᠤᠭᠤᠯᠤᠭᠰᠠᠨ ᠠᠮᠵᠢᠯᠲᠠ ᠲᠠᠢ ᠲᠤᠷᠰᠢᠯᠭ᠎ᠠ ᠪᠠᠷ ᠲᠤᠯᠢ ᠪᠣᠯᠭᠠᠵᠤ᠂ ᠬᠦᠴᠦ ᠪᠠᠨ ᠲᠥᠪᠯᠡᠷᠡᠭᠦᠯᠦᠨ ᠪᠠᠶᠢᠷᠢᠯᠠᠭᠤᠯᠤᠯᠲᠠ᠂ ᠰᠢᠪᠠᠳᠠᠬᠤ᠂ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ ᠭᠡᠵᠦ ᠱᠠᠭᠠᠷᠳᠠᠪᠠ᠃      ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠵᠧᠩ ᠭᠤᠸᠠᠩ ᠵᠤᠤ ᠥᠷᠭᠡᠨ ᠤᠯᠠᠨ ᠠᠮᠤᠷ ᠢ ᠬᠠᠮᠠᠭᠠᠯᠠᠬᠤ ᠵᠢᠵᠢᠭᠦᠷᠯᠡᠭᠴᠢᠳ ᠲᠤ ᠳᠣᠲᠣᠨᠣ ᠮᠡᠨᠳᠦᠴᠢᠯᠡᠯ ᠳᠡᠪᠰᠢᠭᠦᠯᠪᠡ᠃ ᠲᠡᠷᠡ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠳᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠵᠢᠴᠢ ᠴᠠᠭᠠᠨ ᠰᠠᠷ᠎ᠠ ᠶᠢᠨ ᠠᠮᠤᠷ ᠢ ᠬᠠᠮᠠᠭᠠᠯᠠᠬᠤ ᠡᠭᠦᠷᠭᠡ ᠶᠢ ᠡᠷᠡᠰ ᠪᠡᠶᠡᠯᠡᠭᠦᠯᠵᠦ᠂ ᠴᠢᠬᠤᠯᠠ ᠶᠡᠭᠡ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠪᠠ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠥᠩᠭᠡᠷᠡᠭᠦᠯᠬᠦ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠦᠨ ᠥᠭᠴᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ︽ᠲᠠᠪᠤᠨ ᠲᠡᠷᠢᠭᠦᠨ ᠲᠠᠰ︾ ᠤᠨ ᠰᠠᠶᠢᠨ ᠰᠠᠶᠢᠬᠠᠨ ᠳᠦᠷᠢ ᠲᠥᠷᠬᠦ ᠶᠢ ᠪᠥᠬᠦ ᠲᠠᠯ᠎ᠠ ᠪᠠᠷ ᠢᠯᠡᠷᠡᠭᠦᠯᠬᠦ ᠬᠡᠷᠡᠭᠲᠡᠶ ᠴᠢᠬᠤᠯᠠᠴᠢᠯᠠᠪᠠ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ