ᠨᠤᠲᠤᠭ ᠪᠡᠯᠴᠢᠭᠡᠷ ᠢ ᠡᠪᠳᠡᠭᠰᠡᠳ ᠢ ᠰᠢᠢᠳᠭᠡᠬᠦ ᠪᠠᠷᠢᠮᠵᠢᠶ᠎ᠠ
ᠨᠡᠶᠢᠲᠡᠯᠡᠭᠰᠡᠨ ᠴᠠᠭ᠄
2023/11/12
    ᠡᠯᠡᠰᠦᠨ ᠴᠥᠯ᠂ ᠬᠠᠭᠠᠰ ᠡᠯᠡᠰᠦᠨ ᠴᠥᠯ ᠪᠠ ᠬᠦᠨᠳᠦ ᠨᠣᠴᠢᠲᠠᠶ ᠮᠠᠭᠤᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠭᠰᠡᠨ᠂ ᠬᠥᠷᠥᠰᠥ ᠰᠢᠷᠣᠶ ᠢᠳᠡᠭᠳᠡᠭᠰᠡᠨ ᠨᠤᠲᠤᠭ ᠪᠡᠯᠴᠢᠭᠡᠷ ᠲᠤ ᠵᠢᠴᠢ ᠠᠮᠢ ᠠᠬᠤᠶ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠮᠠᠯᠲᠠᠭᠰᠠᠨ ᠪᠤᠶᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠪᠤᠰᠤᠳ ᠠᠵᠢᠯᠯᠠᠭ᠎ᠠ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠪᠤᠰᠤ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠡᠠ ᠠᠪᠬᠤ ᠪᠥᠭᠡᠳ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠠᠶᠢᠬᠤ ᠤᠢᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃     ᠬᠠᠤᠯᠢ ᠴᠠᠭᠠᠵᠠ ᠶᠢᠨ ᠦᠨᠳᠦᠰᠦ ᠪᠠᠷᠢᠮᠲᠠ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠡᠷᠡᠭᠦᠦ ᠶᠢᠨ ᠰᠢᠢᠳᠭᠡᠯ ᠥᠭᠬᠦ ᠬᠡᠮᠵᠢᠶᠡᠨ ᠳᠤ ᠬᠦᠷᠦᠭᠰᠡᠠ ᠤᠢᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠡᠠ ᠠᠪᠴᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠠᠶᠢᠬᠤ ᠤᠢᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ 
ᠢᠷᠡᠯᠲᠡ᠄ ᠰᠦᠯᠵᠢᠶ᠎ᠡ ᠠᠴᠠ ᠱᠦᠭᠦᠪᠡ