ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ ︵ᠨᠢᠭᠡ︶
ᠨᠡᠶᠢᠲᠡᠯᠡᠭᠰᠡᠨ ᠴᠠᠭ᠄
2023/11/20
    1995 ᠣᠨ ᠤ 2 ᠰᠠᠷ᠎ᠠ ᠶᠢᠨ 28 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠪᠠᠲᠤᠯᠠᠪᠠ᠃     2012 ᠣᠨ ᠤ 10 ᠰᠠᠷ᠎ᠠ ᠶᠢᠨ 26 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠤᠭᠤᠯᠪᠠ ︵ᠲᠡᠷᠢᠭᠦᠯᠡᠭᠴᠢ ᠶᠢᠨ ᠵᠠᠷᠯᠢᠭ 69 ᠳ᠋ᠤᠭᠡᠷ ᠲᠣᠭᠠᠲᠤ︶         ᠨᠢᠭᠡᠳᠦᠭᠡᠷ ᠪᠦᠯᠦᠭ  ᠶᠡᠷᠦᠩᠬᠡᠢ ᠲᠦᠷᠢᠮ     ᠨᠢᠭᠡᠳᠦᠭᠡᠷ ᠵᠦᠢᠯ ᠤᠯᠤᠰ ᠣᠷᠣᠨ ᠤ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠢ ᠬᠠᠮᠠᠭᠠᠯᠠᠵᠤ᠂ ᠠᠷᠠᠳ ᠢᠷᠭᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠷᠠᠳ ᠤᠨ ᠴᠠᠭᠳᠠᠭᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠠᠭᠳᠠᠭ᠎ᠠ ᠶᠢ ᠴᠢᠩᠭ᠎ᠠ ᠵᠠᠰᠠᠵᠤ᠂ ᠠᠷᠠᠳ ᠤᠨ ᠴᠠᠭᠳᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠂ ᠠᠷᠠᠳ ᠤᠨ ᠴᠠᠭᠳᠠᠭᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠪᠠᠲᠤᠯᠠᠵᠤ᠂ ᠥᠭᠡᠷᠡᠴᠢᠯᠡᠯᠲᠡ ᠨᠡᠭᠡᠭᠡᠯᠳᠠ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠦᠨᠳᠦᠰᠦᠨ ᠬᠠᠤᠯᠢ ᠶᠢ ᠦᠨᠳᠦᠰᠦᠯᠡᠵᠦ ᠲᠤᠰ ᠬᠠᠤᠯᠢ ᠶᠢ ᠲᠣᠭᠲᠠᠭᠠᠪᠠ᠃     ᠬᠤᠶᠠᠳᠤᠭᠠᠷ ᠵᠦᠢᠯ ᠠᠷᠠᠳ ᠤᠨ ᠴᠠᠭᠳᠠᠭᠠᠨ ᠤ ᠡᠭᠦᠷᠭᠡ ᠪᠣᠯ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ᠂ ᠨᠡᠢᠭᠡᠮ ᠤᠨ ᠠᠮᠤᠷ ᠲᠦᠪᠰᠢᠨ ᠡᠮᠬᠢ ᠵᠢᠷᠤᠮ ᠢ ᠬᠠᠮᠠᠭᠠᠯᠠᠬᠤ᠂ ᠠᠷᠠᠳ ᠢᠷᠭᠡᠳ ᠤᠨ ᠪᠡᠶ᠎ᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠶᠢᠨ ᠡᠷᠬᠡ ᠴᠢᠯᠥᠭᠡ ᠪᠠ ᠬᠠᠤᠯᠢ ᠶᠣᠰᠣᠨ ᠤ ᠡᠳ᠋ ᠬᠥᠷᠥᠩᠭᠡ ᠶᠢ ᠬᠠᠮᠠᠭᠠᠯᠠᠬᠤ᠂ ᠣᠯᠠᠨ ᠨᠡᠢᠲᠡ ᠶᠢᠨ ᠡᠳ᠋ ᠬᠥᠷᠥᠩᠭᠡ ᠶᠢ ᠬᠠᠮᠠᠭᠠᠯᠠᠬᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠬᠤᠷᠢᠭᠯᠠᠨ ᠵᠣᠭᠰᠣᠭᠠᠬᠤ ᠪᠠ ᠶᠠᠯᠠᠯᠠᠨ ᠰᠢᠢᠳᠭᠡᠬᠦ ᠶᠠᠪᠤᠳᠠᠯ ᠪᠣᠯᠤᠨ᠎ᠠ᠃     ᠠᠷᠠᠳ ᠤᠨ ᠴᠠᠭᠳᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ᠂ ᠭᠢᠨᠳᠠᠨ᠂ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠬᠠᠮᠢᠶᠠᠷᠤᠯᠲᠠ ᠶᠢᠨ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠪᠠ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠤᠯᠢ ᠶᠢᠨ ᠴᠠᠭᠳᠠᠭ᠎ᠠ ᠪᠠᠭᠲᠠᠨ᠎ᠠ᠃     ᠭᠤᠷᠪᠠᠳᠤᠭᠠᠷ ᠵᠦᠢᠯ ᠠᠷᠠᠳ ᠤᠨ ᠴᠠᠭᠳᠠᠭ᠎ᠠ ᠡᠷᠬᠡᠪᠰᠢ ᠠᠷᠠᠳ ᠲᠦᠮᠡᠨ ᠤ ᠳᠡᠮᠵᠢᠯᠭᠡ ᠳᠤ ᠲᠦᠰᠢᠭᠯᠡᠨ᠂ ᠠᠷᠠᠳ ᠲᠦᠮᠡᠨ ᠲᠠᠢ ᠢᠮᠠᠭᠲᠠ ᠨᠢᠭᠲᠠ ᠬᠠᠷᠢᠯᠴᠠᠵᠤ᠂ ᠠᠷᠠᠳ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠤᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠶ     ᠳᠥᠷᠪᠡᠳᠦᠭᠡᠷ ᠵᠦᠢᠯ ᠠᠷᠠᠳ ᠤᠨ ᠴᠠᠭᠳᠠᠭ᠎ᠠ ᠡᠷᠬᠡᠪᠰᠢ ᠦᠨᠳᠦᠰᠦᠨ ᠬᠠᠤᠯᠢ ᠪᠠ ᠬᠠᠤᠯᠢ ᠴᠠᠭᠠᠵᠠ ᠪᠠᠷ ᠠᠵᠢᠯᠯᠠᠭᠠᠨ ᠤ ᠪᠠᠨ ᠪᠠᠷᠢᠮᠵᠢᠶ᠎ᠠ ᠪᠣᠯᠭᠠᠵᠤ᠂ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠠᠷᠢᠭᠤᠨ ᠴᠢᠬᠡᠴᠢ ᠪᠠᠶᠢᠵᠤ᠂ ᠰᠠᠬᠢᠯᠭ᠎ᠠ ᠪᠠᠲᠤ ᠪᠠᠷ ᠴᠢᠩᠭ᠎ᠠ ᠪᠠᠶᠢᠵᠤ᠂ ᠵᠠᠷᠯᠢᠭ ᠢ ᠲᠡᠭᠠᠵᠦ᠂ ᠬᠠᠤᠯᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃    ᠲᠠᠪᠤᠳᠤᠭᠠᠷ ᠵᠦᠢᠯ ᠠᠷᠠᠳ ᠤᠨ ᠴᠠᠭᠳᠠᠭᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠤᠯᠢ ᠪᠠᠷ ᠬᠠᠮᠠᠭᠠᠯᠠᠨ᠎ᠠ᠃ 
ᠢᠷᠡᠯᠲᠡ᠄ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ