ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ ︵ᠭᠤᠷᠪᠠ︶
ᠨᠡᠶᠢᠲᠡᠯᠡᠭᠰᠡᠨ ᠴᠠᠭ᠄
2023/11/20
     1995 ᠣᠨ ᠤ 2 ᠰᠠᠷ᠎ᠠ ᠶᠢᠨ 28 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠪᠠᠲᠤᠯᠠᠪᠠ᠃     2012 ᠣᠨ ᠤ 10 ᠰᠠᠷ᠎ᠠ ᠶᠢᠨ 26 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠤᠭᠤᠯᠪᠠ ︵ᠲᠡᠷᠢᠭᠦᠯᠡᠭᠴᠢ ᠶᠢᠨ ᠵᠠᠷᠯᠢᠭ 69 ᠳ᠋ᠤᠭᠡᠷ ᠲᠣᠭᠠᠲᠤ︶          ᠭᠤᠷᠪᠠᠳᠤᠭᠠᠷ ᠪᠦᠯᠦᠭ  ᠡᠭᠦᠷᠭᠡ ᠪᠠ ᠰᠠᠬᠢᠯᠭ᠎ᠠ ᠪᠠᠲᠤ       ᠬᠤᠷᠢᠳᠤᠭᠠᠷ ᠵᠦᠢᠯ  ᠠᠷᠠᠳ ᠤᠨ ᠴᠠᠭᠳᠠᠭ᠎ᠠ ᠳᠣᠣᠷᠠᠬᠢ ᠵᠦᠢᠯ ᠤᠳ ᠢ ᠡᠷᠬᠡᠪᠰᠢ ᠭᠦᠢᠴᠡᠳᠬᠡᠬᠦ ᠬᠡᠷᠡᠭᠲᠡᠶ :      ︵ᠨᠢᠭᠡ︶ ᠬᠠᠤᠯᠢ ᠶᠢ ᠭᠤᠣᠯᠴᠢ ᠪᠠᠷ ᠬᠡᠷᠡᠭᠵᠢᠭᠦᠯᠵᠦ᠂ ᠤᠴᠢᠷ ᠶᠠᠪᠤᠳᠠᠯ ᠢ ᠭᠤᠣᠯᠴᠢ ᠪᠠᠷ ᠰᠢᠢᠳᠪᠦᠷᠢᠯᠡᠬᠦ︔      ︵ᠬᠤᠶᠠᠷ︶ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠱᠢᠶᠡᠴᠢ ᠪᠠᠷ ᠰᠠᠬᠢᠬᠤ︔      ︵ᠭᠤᠷᠪᠠ︶ ᠬᠥᠮᠦᠨ ᠳᠤ ᠶᠣᠰᠣᠷᠬᠠᠭ ᠢᠶᠠᠷ ᠬᠠᠨᠳᠤᠵᠤ᠂ ᠪᠣᠯᠪᠠᠰᠤᠨ ᠢᠶᠠᠷ ᠵᠢᠵᠢᠭᠦᠷᠯᠡᠬᠦ︔      ︵ᠲᠦᠷᠪᠡ︶ ᠠᠷᠠᠳ ᠤᠯᠡᠠ ᠤ ᠵᠠᠩ ᠳᠠᠳᠬᠠᠯ ᠢ ᠬᠦᠨᠳᠦᠳᠬᠡᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ  ᠠᠷᠠᠳ ᠤᠨ ᠴᠠᠭᠳᠠᠭ᠎ᠠ ᠠᠷᠠᠳ ᠢᠷᠭᠡᠨ ᠤ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠬᠠᠯᠳᠠᠯᠭ᠎ᠠ ᠳᠤ ᠤᠴᠠᠷᠠᠭᠰᠠᠨ ᠪᠤᠶᠤ ᠪᠤᠰᠤᠳ ᠠᠶᠤᠯ ᠲᠦᠭᠰᠢᠭᠦᠷᠢ ᠳᠤ ᠤᠴᠠᠷᠠᠭᠰᠠᠨ ᠪᠠᠶᠢᠳᠠᠯ ᠳᠤ ᠲᠣᠬᠢᠶᠠᠯᠳᠤᠪᠠᠯ ᠲᠡᠷᠡ ᠳᠠᠷᠤᠶ ᠳᠤ ᠨᠢ ᠠᠪᠤᠷᠠᠨ ᠲᠤᠰᠠᠯᠠᠬᠤ ᠬᠡᠷᠡᠭᠲᠡᠶ︔ ᠠᠷᠠᠳ ᠢᠷᠭᠡᠨ ᠤ ᠳᠤᠷᠠᠳᠤᠭᠰᠠᠨ ᠵᠠᠭᠤᠷᠠᠯᠳᠤᠭᠠᠨ ᠢ ᠰᠢᠢᠳᠪᠦᠷᠢᠯᠡᠭᠦᠯᠬᠦ ᠱᠠᠭᠠᠷᠳᠠᠯᠭ᠎ᠠ ᠳᠤ ᠬᠠᠪᠰᠤᠷᠤᠯᠭ᠎ᠠ ᠦᠵᠡᠭᠦᠯᠬᠦ ᠬᠡᠷᠡᠭᠲᠡᠶ︔ ᠠᠷᠠᠳ ᠢᠷᠭᠡᠨ ᠤ ᠲᠦᠭᠰᠢᠭᠦᠷᠢ ᠮᠡᠳᠡᠭᠦᠯᠦᠭᠰᠡᠨ ᠬᠡᠷᠡᠭ ᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      ᠠᠷᠠᠳ ᠤᠨ ᠴᠠᠭᠳᠠᠭ᠎ᠠ ᠠᠶᠤᠯ ᠭᠠᠮᠰᠢᠭ ᠠᠴᠠ ᠠᠪᠤᠷᠠᠬᠤ ᠪᠠ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯ ᠳᠤ ᠢᠳᠡᠪᠬᠢᠲᠡᠶ ᠣᠷᠣᠯᠴᠠᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠠᠷᠠᠳ ᠤᠨ ᠴᠠᠭᠳᠠᠭ᠎ᠠ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠵᠦ ᠪᠣᠯᠬᠤ ᠦᠭᠡᠢ :     ︵ᠨᠢᠭᠡ︶ ᠤᠯᠤᠰ ᠤᠨ ᠨᠡᠷ᠎ᠡ ᠬᠦᠨᠳᠦ ᠶᠢ ᠭᠤᠲᠤᠭᠠᠬᠤ ᠦᠭᠡ ᠶᠠᠷᠢᠶ᠎ᠠ ᠲᠠᠷᠬᠠᠭᠠᠬᠤ᠂ ᠬᠠᠤᠯᠢ ᠪᠤᠰᠤ ᠵᠣᠬᠢᠶᠠᠨ ᠪᠠᠶᠢᠭᠤᠯᠤᠯᠲᠠ ᠳᠤ ᠣᠷᠣᠯᠴᠠᠬᠤ᠂ ᠲᠦᠷᠦ ᠶᠢ ᠡᠰᠡᠷᠭᠦᠴᠡᠬᠦ ᠵᠣᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠳᠤ ᠣᠷᠣᠯᠴᠠᠬᠤ᠂ ᠠᠵᠢᠯ ᠬᠠᠶᠠᠯᠲᠠ ᠳᠤ ᠣᠷᠣᠯᠴᠠᠬᠤ︔     ︵ᠬᠤᠶᠠᠷ︶ ᠤᠯᠤᠰ ᠤᠨ ᠨᠢᠭᠤᠴᠠ᠂ ᠴᠠᠭᠳᠠᠭᠠᠨ ᠤ ᠠᠵᠢᠯ ᠤᠨ ᠨᠢᠭᠤᠴᠠ ᠶᠢ ᠵᠠᠳᠠᠷᠠᠭᠤᠯᠬᠤ︔     ︵ᠭᠤᠷᠪᠠ︶ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠡᠷᠡᠭ ᠤᠨ ᠪᠠᠶᠢᠳᠠᠯ ᠢ ᠨᠢᠭᠤᠨ ᠳᠠᠯᠳᠠᠯᠠᠬᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠥᠮᠥᠭᠯᠡᠬᠦ᠂ ᠳᠤᠷ᠎ᠠ ᠪᠠᠷ ᠨᠢ ᠲᠠᠯᠪᠢᠬᠤ︔     ︵ᠲᠦᠷᠪᠡ︶ ᠬᠡᠷᠡᠭᠳᠡᠠ ᠢ ᠡᠷᠡᠭᠦᠳᠡᠨ ᠰᠢᠬᠠᠵᠤ ᠥᠴᠢᠭᠯᠡᠭᠦᠯᠬᠦ ᠪᠤᠶᠤ ᠬᠠᠷᠠᠳᠠᠵᠤ ᠲᠠᠮᠤᠯᠠᠬᠤ᠂ ᠬᠠᠯᠠ ᠦᠵᠡᠭᠦᠯᠬᠦ︔     ︵ᠲᠠᠪᠤ︶ ᠪᠤᠰᠤᠳ ᠤᠨ ᠪᠡᠶ᠎ᠡ ᠶᠢᠨ ᠡᠷᠬᠡ ᠴᠢᠯᠥᠭᠡ ᠶᠢ ᠬᠠᠤᠯᠢ ᠪᠤᠰᠤ ᠪᠠᠷ ᠬᠠᠰᠤᠬᠤ ᠪᠠ ᠬᠢᠵᠠᠭᠠᠷᠯᠠᠬᠤ᠂ ᠪᠤᠰᠤᠳ ᠤᠨ ᠪᠡᠶ᠎ᠡ᠂ ᠡᠳ᠋ ᠪᠣᠳᠠᠰ᠂ ᠣᠷᠣᠨ ᠰᠠᠭᠤᠴᠠ ᠪᠤᠶᠤ ᠲᠠᠯᠠᠪᠤᠷ ᠭᠠᠵᠠᠷ ᠢ ᠬᠠᠤᠯᠢ ᠪᠤᠰᠤ ᠪᠠᠷ ᠨᠡᠩᠵᠢᠬᠦ︔     ︵ᠵᠢᠷᠭᠤᠭ᠎ᠠ︶ ᠬᠢᠬᠠᠵᠤ ᠠᠪᠬᠤ ᠪᠤᠶᠤ ᠬᠡᠭᠡᠯᠢ ᠠᠪᠴᠤ ᠬᠠᠭ᠋ᠤᠤᠯᠢ ᠢᠳᠡᠬᠦ︔     ︵ᠲᠤᠯᠤᠭ᠎ᠠ︶ ᠪᠤᠰᠤᠳ ᠢ ᠵᠣᠳᠣᠬᠤ ᠪᠤᠶᠤ ᠪᠤᠰᠤᠳ ᠢ ᠥᠳᠥᠭᠡᠵᠦ ᠪᠠᠶᠢᠭᠠᠳ ᠬᠥᠮᠦᠨ ᠢ ᠵᠣᠳᠣᠭᠤᠯᠬᠤ︔     ︵ᠨᠠᠢᠮᠠ︶ ᠬᠠᠤᠯᠢ ᠶᠢ ᠵᠥᠷᠢᠴᠡᠨ ᠰᠢᠢᠳᠭᠡᠯ ᠥᠭᠬᠦ ᠪᠤᠶᠤ ᠰᠦᠢᠳᠬᠡᠯ ᠬᠤᠷᠢᠶᠠᠬᠤ︔     ︵ᠶᠢᠰᠦ︶ ᠲᠤᠬᠠᠶ ᠶᠢᠨ ᠬᠥᠮᠦᠨ ᠪᠠ ᠲᠡᠭᠦᠨ ᠤ ᠣᠷᠣᠯᠠᠭᠴᠢ ᠶᠢᠨ ᠳᠠᠶᠢᠯᠠᠯᠭ᠎ᠠ ᠳᠤ ᠣᠷᠣᠯᠴᠠᠨ ᠪᠡᠯᠡᠭ ᠢ ᠨᠢ ᠬᠦᠯᠢᠶᠡᠠ ᠠᠪᠬᠤ︔     ︵ᠠᠷᠪᠠ︶ ᠠᠰᠢᠭ ᠬᠤᠨᠵᠢᠪᠣᠷᠢ ᠤᠯᠬᠤ ᠴᠢᠨᠠᠷᠲᠠᠶ ᠡᠵᠡᠩᠨᠡᠯᠲᠡ ᠶᠢᠨ ᠠᠵᠢᠯᠯᠠᠭ᠎ᠠ ᠬᠢᠬᠦ ᠪᠤᠶᠤ ᠶᠠᠮᠠᠷᠪᠠ ᠬᠤᠪᠢ ᠬᠥᠮᠦᠨ ᠪᠤᠶᠤ ᠵᠣᠬᠢᠶᠠᠨ ᠪᠠᠶᠢᠭᠤᠯᠤᠯᠲᠠ ᠳᠤ ᠬᠥᠯᠥᠰᠥᠯᠡᠭᠳᠡᠬᠦ︔     ︵ᠠᠷᠪᠠᠨ ᠨᠢᠭᠡ︶ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠠᠤᠯᠢ ᠳᠤ ᠲᠣᠭᠲᠠᠭᠠᠭᠰᠠᠨ ᠡᠭᠦᠷᠭᠡ ᠪᠠᠨ ᠤᠢᠯᠦ ᠭᠦᠢᠴᠡᠳᠬᠡᠬᠦ︔     ︵ᠠᠷᠪᠠᠨ ᠬᠤᠶᠠᠷ︶ ᠬᠠᠤᠯᠢ ᠶᠢ ᠵᠥᠷᠢᠴᠡᠵᠦ ᠰᠠᠬᠢᠯᠭ᠎ᠠ ᠶᠢ ᠰᠠᠮᠠᠭᠤᠷᠠᠭᠤᠯᠤᠭᠰᠠᠨ ᠪᠤᠰᠤᠳ ᠠᠵᠢᠯᠯᠠᠭ᠎ᠠ ᠨᠤᠭᠤᠳ᠃     ᠬᠤᠷᠢᠨ ᠭᠤᠷᠪᠠᠳᠤᠭᠠᠷ ᠵᠦᠢᠯ  ᠠᠷᠠᠳ ᠤᠨ ᠴᠠᠭᠳᠠᠭ᠎ᠠ ᠡᠷᠬᠡᠪᠰᠢ ᠲᠣᠭᠲᠠᠭᠠᠯ ᠶᠣᠰᠣᠭᠠᠷ ᠬᠤᠪᠴᠠᠰᠤᠯᠠᠵᠤ᠂ ᠠᠷᠠᠳ ᠤᠨ ᠴᠠᠭᠳᠠᠭᠠᠨ ᠤ ᠲᠡᠮᠳᠡᠭ ᠢᠶᠠᠨ ᠵᠡᠭᠦᠬᠦ ᠪᠤᠶᠤ ᠠᠷᠠᠳ ᠤᠨ ᠴᠠᠭᠳᠠᠭ᠎ᠠ ᠶᠢᠨ ᠭᠡᠷᠡᠴᠢ ᠲᠡᠮᠳᠡᠭ ᠢᠶᠠᠨ ᠠᠪᠴᠤ᠂ ᠴᠠᠭᠳᠠᠭᠠᠨ ᠤ ᠳᠦᠷᠢ ᠲᠥᠷᠬᠦ ᠪᠠᠨ ᠲᠥᠪ ᠴᠢᠩᠭ᠎ᠠ ᠪᠠᠶᠢᠯᠭᠠᠵᠤ᠂ ᠬᠥᠳᠡᠯᠵᠦ ᠪᠠᠷᠢᠬᠤ ᠳᠤ ᠪᠠᠨ ᠲᠥᠪ ᠭᠤᠣᠯᠴᠢ ᠪᠠᠶᠢᠬᠤ ᠬᠡᠷᠡᠭᠲᠡᠢ᠃ 
ᠢᠷᠡᠯᠲᠡ᠄ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ