ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ ︵ᠵᠢᠷᠭᠤᠭ᠎ᠠ︶
ᠨᠡᠶᠢᠲᠡᠯᠡᠭᠰᠡᠨ ᠴᠠᠭ᠄
2023/11/20
     1995 ᠣᠨ ᠤ 2 ᠰᠠᠷ᠎ᠠ ᠶᠢᠨ 28 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠪᠠᠲᠤᠯᠠᠪᠠ᠃     2012 ᠣᠨ ᠤ 10 ᠰᠠᠷ᠎ᠠ ᠶᠢᠨ 26 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠤᠭᠤᠯᠪᠠ ︵ᠲᠡᠷᠢᠭᠦᠯᠡᠭᠴᠢ ᠶᠢᠨ ᠵᠠᠷᠯᠢᠭ 69 ᠳ᠋ᠤᠭᠡᠷ ᠲᠣᠭᠠᠲᠤ︶         ᠵᠢᠷᠭᠤᠳᠤᠭᠠᠷ ᠪᠦᠯᠦᠭ  ᠬᠠᠤᠯᠢ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ      ᠳᠥᠴᠢᠨ ᠬᠤᠶᠠᠳᠤᠭᠠᠷ ᠵᠦᠢᠯ  ᠠᠷᠠᠳ ᠤᠨ ᠴᠠᠭᠳᠠᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠠᠨ ᠠᠷᠠᠳ ᠤᠨ ᠪᠠᠶᠢᠴᠠᠭᠠᠬᠤ ᠬᠤᠷᠢᠶ᠎ᠠ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠨ᠎ᠡ᠃     ᠳᠥᠴᠢᠨ ᠭᠤᠷᠪᠠᠳᠤᠭᠠᠷ ᠵᠦᠢᠯ  ᠠᠷᠠᠳ ᠤᠨ ᠴᠠᠭᠳᠠᠭᠠᠨ ᠤ ᠳᠡᠭᠡᠷ᠎ᠡ ᠱᠠᠳᠤᠨ ᠤ ᠪᠠᠶᠢᠭᠤᠯᠭ᠎ᠠ ᠨᠢ ᠳᠣᠣᠷ᠎ᠠ ᠱᠠᠳᠤᠨ ᠤ ᠪᠠᠶᠢᠭᠤᠯᠭ᠎ᠠ ᠶᠢᠨ ᠢᠶᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠬᠤ ᠮᠥᠷᠳᠡᠭᠡᠨ ᠲᠡᠭᠦᠨ ᠤ ᠭᠠᠷᠭᠠᠭᠰᠠᠨ ᠰᠢᠢᠳᠪᠦᠷᠢᠯᠡᠯᠳᠡ ᠪᠤᠶᠤ ᠲᠣᠭᠲᠠᠭᠠᠯ ᠳᠤ ᠪᠤᠷᠤᠭᠤ ᠲᠠᠢ ᠪᠠᠶᠢᠬᠤ ᠶᠢ ᠣᠯᠵᠤ ᠮᠠᠲᠠᠪᠠᠯ ᠬᠦᠴᠦᠨ ᠦᠭᠡᠢ ᠪᠣᠯᠭᠠᠬᠤ ᠪᠤᠶᠤ ᠬᠤᠪᠢᠷᠠᠭᠤᠯᠬᠤ ᠬᠡᠷᠡᠭᠲᠡᠶ᠃     ᠳᠥᠴᠢᠨ ᠳᠥᠷᠪᠡᠳᠦᠭᠡᠷ ᠵᠦᠢᠯ  ᠠᠷᠠᠳ ᠤᠨ ᠴᠠᠭᠳᠠᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠠᠨ ᠡᠷᠬᠡᠪᠰᠢ ᠨᠡᠶᠢᠭᠡᠮ ᠨᠡᠶᠢᠳᠡ ᠶᠢᠨ ᠪᠠ ᠠᠷᠠᠳ ᠢᠷᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠳᠡᠢ᠃ ᠠᠷᠠᠳ ᠤᠨ ᠴᠠᠭᠳᠠᠭᠠᠨ ᠤ ᠪᠠᠶᠢᠭᠤᠯᠭ᠎ᠠ ᠶᠢᠨ ᠭᠠᠷᠭᠠᠭᠰᠠᠨ ᠤᠯᠡᠠ ᠨᠡᠶᠢᠲᠡ ᠶᠢᠨ ᠠᠰᠢᠭ ᠲᠤᠰᠠ ᠳᠤ ᠰᠢᠭᠤᠳ ᠬᠤᠯᠪᠣᠭᠳᠠᠬᠤ ᠲᠣᠭᠲᠠᠭᠠᠯ ᠢ ᠤᠯᠡᠠ ᠨᠡᠶᠢᠲᠡ ᠳᠤ ᠨᠡᠶᠢᠲᠡᠯᠡᠬᠦ ᠬᠡᠷᠡᠭᠲᠡᠶ᠃     ᠳᠥᠴᠢᠨ ᠲᠠᠪᠤᠳᠤᠭᠠᠷ ᠵᠦᠢᠯ  ᠠᠷᠠᠳ ᠤᠨ ᠴᠠᠭᠳᠠᠭ᠎ᠠ ᠠᠮᠤᠷ ᠢ ᠬᠠᠮᠠᠭᠠᠯᠠᠬᠤ ᠬᠡᠷᠡᠭ ᠢ ᠰᠢᠢᠳᠪᠦᠷᠢᠯᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠲᠣᠬᠢᠶᠠᠯᠳᠤᠪᠠᠯ ᠵᠠᠶᠢᠯᠠᠬᠤ ᠬᠡᠷᠡᠭᠲᠡᠶ᠂ ᠲᠤᠬᠠᠶ ᠶᠢᠨ ᠬᠥᠮᠦᠨ ᠪᠤᠶᠤ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠴᠤ ᠲᠡᠳᠡᠨ ᠢ ᠵᠠᠶᠢᠯᠠᠭᠤᠯᠬᠤ ᠪᠠᠷ ᠱᠠᠭᠠᠷᠳᠠᠬᠤ ᠡᠷᠬᠡ ᠲᠠᠢ᠄     ︵ᠨᠢᠭᠡ︶ ᠲᠤᠰ ᠬᠡᠷᠡᠭ ᠤᠨ ᠲᠤᠬᠠᠶ ᠶᠢᠨ ᠬᠥᠮᠦᠨ ᠪᠤᠶᠤ ᠲᠤᠬᠠᠶ ᠶᠢᠨ ᠬᠥᠮᠦᠨ ᠤ ᠤᠢᠢᠷ᠎ᠠ ᠲᠦᠷᠦᠯ ᠰᠡᠳᠦᠠ ᠪᠣᠯᠬᠤ︔     ︵ᠬᠤᠶᠠᠷ︶ ᠲᠤᠰ ᠬᠥᠮᠦᠨ ᠪᠤᠶᠤ ᠲᠡᠭᠦᠨ ᠤ ᠤᠢᠢᠷ᠎ᠠ ᠲᠦᠷᠦᠯ ᠰᠡᠳᠦᠠ ᠨᠢ ᠲᠤᠰ ᠬᠡᠷᠡᠭ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔     ︵ᠭᠤᠷᠪᠠ︶ ᠲᠤᠰ ᠬᠡᠷᠡᠭ ᠤᠨ ᠲᠤᠬᠠᠶ ᠶᠢᠨ ᠬᠥᠮᠦᠨ ᠲᠠᠢ ᠪᠤᠰᠤᠳ ᠬᠠᠷᠢᠴᠠᠭ᠎ᠠ ᠲᠠᠢ ᠪᠠᠶᠢᠵᠤ᠂ ᠬᠡᠷᠡᠭ ᠢ ᠭᠤᠣᠯᠴᠢ ᠪᠠᠷ ᠰᠢᠢᠳᠪᠦᠷᠢᠯᠡᠬᠦ ᠶᠢ ᠨᠥᠯᠥᠭᠡᠯᠡᠵᠦ ᠮᠡᠳᠡᠬᠦ᠃     ᠡᠮᠦᠨᠡᠬᠢ ᠪᠠᠳᠠᠭ ᠲᠤ ᠲᠣᠭᠲᠠᠭᠠᠭᠰᠠᠨ ᠵᠠᠶᠢᠯᠠᠬᠤ ᠶᠢ ᠬᠤᠯᠪᠣᠭᠳᠠᠯ ᠪᠦᠬᠦᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠣᠭᠲᠠᠭᠠᠨ᠎ᠠ᠃     ᠠᠷᠠᠳ ᠤᠨ ᠴᠠᠭᠳᠠᠭ᠎ᠠ ᠶᠢᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠵᠠᠶᠢᠯᠠᠬᠤ ᠶᠠᠪᠤᠳᠠᠯ ᠳᠤ ᠡᠷᠡᠭᠦᠦ ᠶᠢᠨ ᠵᠠᠷᠭᠤ ᠶᠢᠨ ᠬᠠᠤᠯᠢ ᠶᠢᠨ ᠲᠣᠭᠲᠠᠭᠠᠯ ᠢ ᠬᠡᠷᠡᠭᠯᠡᠨ᠎ᠡ᠃     ᠳᠥᠴᠢᠨ ᠵᠢᠷᠭᠤᠳᠤᠭᠠᠷ ᠵᠦᠢᠯ  ᠠᠷᠠᠳ ᠢᠷᠭᠡᠨ ᠪᠤᠶᠤ ᠵᠣᠬᠢᠶᠠᠨ ᠪᠠᠶᠢᠭᠤᠯᠤᠯᠲᠠ ᠠᠷᠠᠳ ᠤᠨ ᠴᠠᠭᠳᠠᠭᠠᠨ ᠤ ᠬᠠᠤᠯᠢ ᠶᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠠᠷᠠᠳ ᠤᠨ ᠴᠠᠭᠳᠠᠭᠠᠨ ᠤ ᠪᠠᠶᠢᠭᠤᠯᠭ᠎ᠠ ᠪᠤᠶᠤ ᠠᠷᠠᠳ ᠤᠨ ᠪᠠᠶᠢᠴᠠᠭᠠᠬᠤ ᠬᠤᠷᠢᠶ᠎ᠠ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠢᠯᠡᠴᠢᠯᠡᠬᠦ᠂ ᠵᠠᠭᠠᠯᠲᠤᠬᠤ ᠡᠷᠬᠡ ᠲᠠᠢ᠃ ᠢᠯᠡᠴᠢᠯᠡᠯᠲᠡ᠂ ᠵᠠᠭᠠᠯᠳᠤᠯᠭ᠎ᠠ ᠶᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠭᠤᠯᠭ᠎ᠠ ᠨᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ ᠪᠥᠭᠡᠳ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠭᠴᠢ᠂ ᠵᠠᠭᠠᠯᠳᠤᠭᠴᠢ ᠳᠤ ᠮᠡᠳᠡᠭᠳᠡᠬᠦ ᠬᠡᠷᠡᠭᠲᠡᠶ᠃     ᠬᠠᠤᠯᠢ ᠶᠣᠰᠣᠭᠠᠷ ᠢᠯᠡᠴᠢᠯᠡᠭᠰᠡᠨ᠂ ᠵᠠᠭᠠᠯᠳᠤᠭᠰᠠᠨ ᠠᠷᠠᠳ ᠢᠷᠭᠡᠨ ᠪᠤᠶᠤ ᠵᠣᠬᠢᠶᠠᠨ ᠪᠠᠶᠢᠭᠤᠯᠤᠯᠲᠠ ᠳᠤ ᠶᠠᠮᠠᠷ ᠴᠤ ᠬᠥᠮᠦᠨ ᠭᠡᠳ ᠳᠠᠷᠤᠯᠲᠠ ᠦᠵᠡᠭᠦᠯᠬᠦ ᠪᠤᠶᠤ ᠴᠣᠬᠢᠯᠲᠠ ᠥᠭᠴᠦ ᠥᠰᠢᠶ᠎ᠡ ᠠᠪᠴᠤ ᠪᠣᠯᠬᠤ ᠦᠭᠡᠶ᠃     ᠳᠥᠴᠢᠨ ᠳᠣᠯᠣᠳᠤᠭᠠᠷ ᠵᠦᠢᠯ  ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠪᠠᠳᠠᠨ ᠪᠠᠶᠢᠴᠠᠭᠠᠬᠤ ᠲᠦᠷᠢᠮ ᠲᠣᠭᠲᠠᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭᠠᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠰᠠᠬᠢᠯᠭ᠎ᠠ ᠪᠠᠲᠤ ᠶᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ 
ᠢᠷᠡᠯᠲᠡ᠄ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ