ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ ︵ᠲᠣᠯᠤᠭ᠎ᠠ︶
ᠨᠡᠶᠢᠲᠡᠯᠡᠭᠰᠡᠨ ᠴᠠᠭ᠄
2023/11/20
    1995 ᠣᠨ ᠤ 2 ᠰᠠᠷ᠎ᠠ ᠶᠢᠨ 28 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠪᠠᠲᠤᠯᠠᠪᠠ᠃     2012 ᠣᠨ ᠤ 10 ᠰᠠᠷ᠎ᠠ ᠶᠢᠨ 26 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠤᠭᠤᠯᠪᠠ ︵ᠲᠡᠷᠢᠭᠦᠯᠡᠭᠴᠢ ᠶᠢᠨ ᠵᠠᠷᠯᠢᠭ 69 ᠳ᠋ᠤᠭᠡᠷ ᠲᠣᠭᠠᠲᠤ︶         ᠳᠣᠯᠣᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ      ᠳᠥᠴᠢᠨ ᠨᠠᠢᠮᠠᠳᠤᠭᠠᠷ ᠵᠦᠢᠯ  ᠠᠷᠠᠳ ᠤᠨ ᠴᠠᠭᠳᠠᠭ᠎ᠠ ᠳᠤ ᠲᠤᠰ ᠬᠠᠤᠯᠢ ᠶᠢᠨ ᠬᠤᠷᠢᠨ ᠬᠤᠶᠠᠳᠤᠭᠠᠷ ᠵᠦᠢᠯ ᠳᠤ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠵᠠᠰᠠᠭ ᠵᠠᠬᠢᠷᠭᠠᠨ ᠤ ᠰᠢᠢᠳᠭᠡᠯ ᠥᠭᠬᠦ ᠬᠡᠷᠡᠭᠲᠡᠶ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠵᠠᠰᠠᠭ ᠵᠠᠬᠢᠷᠭᠠᠨ ᠤ ᠰᠢᠢᠳᠭᠡᠯ ᠢ ᠳᠣᠩᠭᠤᠳᠬᠤ᠂ ᠤᠰᠦᠯ ᠲᠡᠮᠳᠡᠭᠯᠡᠬᠦ᠂ ᠶᠡᠭᠡ ᠤᠰᠦᠯ ᠲᠡᠮᠳᠡᠭᠯᠡᠬᠦ᠂ ᠵᠡᠷᠭᠡ ᠳᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠬᠥᠭᠡᠭᠡᠬᠦ ᠭᠡᠵᠦ ᠬᠤᠪᠢᠶᠠᠨ᠎ᠠ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠣᠯᠤᠭᠰᠠᠨ ᠠᠷᠠᠳ ᠤᠨ ᠴᠠᠭᠳᠠᠭ᠎ᠠ ᠶᠢᠨ ᠴᠠᠭᠳᠠᠭᠠᠨ ᠤ ᠴᠣᠯᠠ ᠶᠢ ᠨᠢ ᠪᠠᠭᠤᠷᠠᠭᠤᠯᠵᠤ᠂ ᠴᠠᠭᠳᠠᠭᠠᠨ ᠤ ᠴᠣᠯᠠ ᠶᠢ ᠨᠢ ᠬᠠᠰᠤᠵᠤ ᠪᠣᠯᠤᠨ᠎ᠠ᠃     ᠰᠠᠬᠢᠯᠭ᠎ᠠ ᠪᠠᠲᠤ ᠶᠢ ᠵᠥᠷᠢᠴᠡᠭᠰᠡᠨ ᠠᠷᠠᠳ ᠤᠨ ᠴᠠᠭᠳᠠᠭ᠎ᠠ ᠳᠤ ᠴᠢᠬᠤᠯᠠ ᠲᠠᠢ ᠦᠶ᠎ᠡ ᠳᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠨᠢ ᠵᠣᠭᠰᠣᠭᠠᠬᠤ᠂ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ᠃     ᠳᠥᠴᠢ ᠶᠢᠰᠦᠳᠦᠭᠡᠷ ᠵᠦᠢᠯ  ᠠᠷᠠᠳ ᠤᠨ ᠴᠠᠭᠳᠠᠭ᠎ᠠ ᠲᠣᠭᠲᠠᠭᠠᠯ ᠢ ᠵᠥᠷᠢᠴᠡᠨ ᠵᠡᠪᠰᠡᠭ᠂ ᠴᠠᠭᠳᠠᠭᠠᠨ ᠤ ᠪᠠᠭᠠᠵᠢ ᠵᠡᠪᠰᠡᠭ ᠢ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠬᠦ ᠬᠡᠷᠡᠭᠲᠡᠶ᠃     ᠲᠠᠪᠢᠳᠤᠭᠠᠷ ᠵᠦᠢᠯ  ᠠᠷᠠᠳ ᠤᠨ ᠴᠠᠭᠳᠠᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠠᠪᠤᠴᠠ ᠳᠤ ᠪᠠᠨ ᠠᠷᠠᠳ ᠢᠷᠭᠡᠨ ᠪᠤᠶᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠠᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠥᠯᠥᠪᠦᠷᠢ ᠶᠢᠨ ᠬᠠᠤᠯᠢ︾ ᠪᠣᠯᠤᠨ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠥᠯᠥᠪᠦᠷᠢ ᠥᠭᠬᠦ ᠬᠡᠷᠡᠭᠲᠡᠶ᠃       ᠨᠠᠢᠮᠠᠳᠤᠭᠠᠷ ᠪᠦᠯᠦᠭ   ᠳᠠᠭᠠᠯᠳᠤᠭᠤᠯᠤᠭᠰᠠᠨ ᠲᠦᠷᠢᠮ       ᠲᠠᠪᠢᠨ ᠨᠢᠭᠡᠳᠦᠭᠡᠷ ᠵᠦᠢᠯ  ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠤᠯᠤᠰ ᠠᠴᠠ ᠳᠠᠭᠠᠭᠠᠯᠭᠠᠭᠰᠠᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠶᠢ ᠭᠦᠢᠴᠡᠳᠬᠡᠨ᠎ᠡ᠃     ᠲᠠᠪᠢᠨ ᠬᠤᠶᠠᠳᠤᠭᠠᠷ ᠵᠦᠢᠯ  ᠲᠤᠰ ᠬᠠᠤᠯᠢ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 1957 ᠣᠨ ᠤ 6 ᠰᠠᠷ᠎ᠠ ᠶᠢᠨ 25 ᠤ ᠡᠳᠦᠷ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭᠠᠨ ᠤ ᠲᠦᠷᠢᠮ︾ ᠢ ᠳᠠᠭᠠᠤ ᠳᠤ ᠨᠢ ᠬᠦᠴᠦᠨ ᠦᠭᠡᠢ ᠪᠣᠯᠭᠠᠨ᠎ᠠ᠃ 
ᠢᠷᠡᠯᠲᠡ᠄ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ