ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠭᠤᠷᠠᠶᠢᠬᠦᠷᠢᠶ᠎ᠡ ᠲᠣᠮᠢᠯᠠᠭᠰᠠᠨ ᠰᠠᠯᠪᠤᠷᠢ ᠠᠵᠢᠯᠴᠢᠨ ᠪᠠ ᠬᠥᠷᠥᠩᠭᠡᠲᠡᠨ ᠤ ᠵᠠᠭᠤᠷᠠᠯᠳᠤᠭᠠᠨ ᠢ ᠴᠠᠭ ᠲᠤᠬᠠᠶ ᠳᠤ ᠨᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/11/21
      ᠣᠶᠢᠷ᠎ᠠ ᠳᠤ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠭᠤᠷᠠᠶᠢᠬᠦᠷᠢᠶ᠎ᠡ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠠᠷᠢᠯᠭ᠎ᠠ ᠶᠢᠨ ᠭᠠᠵᠠᠷ ᠤᠨ ᠠᠵᠢᠯ ᠤᠨ ᠳᠠᠭᠠᠭᠠᠮᠠᠯ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠥᠬᠡᠶ ᠠᠴᠠ ᠪᠣᠯᠵᠣ ᠠᠵᠢᠯᠴᠢᠳ ᠲᠠᠢ ᠵᠢᠭᠤᠷᠠᠯᠳᠤᠭᠠᠨ ᠡᠭᠦᠰᠴᠡᠶ ᠭᠡᠰᠡᠨ ᠬᠡᠷᠡᠭ ᠤᠨ ᠮᠡᠳᠡᠭᠦᠯᠦᠯᠲᠡ ᠶᠢ ᠣᠯᠪᠠ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠬᠠᠶ ᠶᠢᠨ ᠲᠠᠯᠠᠪᠠᠶ ᠳᠤ ᠬᠦᠷᠴᠦ᠂ ᠵᠠᠭᠤᠷᠠᠯᠳᠤᠭᠠᠨ ᠤ ᠪᠣᠳᠠᠲᠠᠶ ᠪᠠᠶᠢᠳᠠᠯ ᠢ ᠨᠠᠷᠢᠨ ᠣᠶᠢᠯᠠᠭᠠᠪᠠ᠃ ᠠᠵᠢᠯ ᠤᠨ ᠳᠠᠭᠠᠭᠠᠮᠠᠯ ᠠᠵᠢᠯᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠭᠦᠭᠰᠡᠨ ᠦᠭᠡᠢ ᠠᠰᠠᠭᠤᠳᠠᠯ ᠦᠨᠡᠬᠡᠷ ᠣᠷᠣᠰᠢᠵᠤ ᠪᠠᠶᠢᠬᠤ ᠶᠢ ᠨᠤᠲᠠᠯᠠᠵᠠᠶ᠃ ᠡᠭᠦᠨ ᠤ ᠲᠤᠬᠠᠶ ᠠᠷᠠᠳ ᠤᠨ ᠴᠠᠭᠳᠠᠭ᠎ᠠ ᠬᠤᠶᠠᠷ ᠲᠠᠯ᠎ᠠ ᠲᠠᠢ ᠬᠦᠯᠢᠴᠡᠩᠭᠦᠶ ᠪᠠᠷ ᠶᠠᠷᠢᠯᠴᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠠᠵᠢᠯ ᠤᠨ ᠳᠠᠭᠠᠭᠠᠮᠠᠯ ᠬᠡᠷᠪᠡ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠥᠬᠡᠶ ᠪᠣᠯ ᠬᠥᠳᠡᠯᠮᠦᠷᠢ ᠶᠢᠨ ᠬᠠᠤᠯᠢ ᠶᠢᠨ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠬᠦ ᠪᠣᠯᠤᠨ᠎ᠠ᠂ ᠠᠵᠢᠯᠴᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠴᠠᠭᠠᠵᠠ ᠶᠢᠨ ᠬᠠᠮᠠᠭᠠᠯᠠᠯᠲᠠ ᠡᠷᠢᠬᠦ ᠡᠷᠬᠡ ᠲᠠᠢ᠂ ᠠᠵᠢᠯ ᠤᠨ ᠳᠠᠭᠠᠭᠠᠮᠠᠯ ᠵᠣᠬᠢᠬᠤ ᠬᠠᠤᠯᠢ ᠶᠢᠨ ᠬᠠᠷᠢᠭᠤᠴᠠᠯᠭ᠎ᠠ ᠳᠤ ᠲᠤᠯᠭᠠᠷᠠᠬᠤ ᠪᠣᠯᠤᠨ᠎ᠠ ᠭᠡᠵᠦ ᠵᠢᠭᠠᠵᠤ ᠭᠠᠷᠭᠠᠪᠠ᠃
2023101809564407.jpg
     ᠬᠤᠶᠠᠷ ᠲᠠᠯ᠎ᠠ ᠪᠠᠷ ᠢᠶᠠᠨ ᠤᠯᠠᠮ ᠨᠢᠭᠡ ᠠᠯᠬᠤᠮ ᠵᠥᠪᠳᠡᠯᠴᠡᠬᠦ ᠪᠠᠷ ᠳᠠᠮᠵᠢᠭᠠᠳ᠂ ᠠᠵᠢᠯ ᠤᠨ ᠳᠠᠭᠠᠭᠠᠮᠠᠯ ᠡᠴᠦᠰ ᠲᠤ ᠪᠠᠨ ᠠᠵᠢᠯᠴᠢᠳ ᠤᠨ ᠥᠷᠢᠲᠦᠭᠰᠡᠨ ᠴᠠᠯᠢᠩ ᠢ ᠥᠭᠪᠡ᠃ ᠬᠠᠭᠤᠷᠠᠶᠢᠬᠦᠷᠢᠶ᠎ᠡ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠤᠳᠠᠳᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠵᠦ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ