ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ︽ᠭᠠᠴᠢᠭᠳᠠᠭᠰᠠᠨ︾ ᠴᠠᠭᠠᠨ ᠥᠷᠪᠢᠯᠳᠡᠶ ᠶᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2023/12/22
      ᠣᠶᠢᠷ᠎ᠠ ᠳᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠤᠳᠤᠳᠤ ᠲᠣᠮᠢᠯᠠᠭᠰᠠᠨ ᠰᠠᠯᠪᠤᠷᠢ ᠨᠢᠭᠡᠨ ᠬᠡᠷᠡᠭ ᠤᠨ ᠮᠡᠳᠡᠭᠦᠯᠦᠯᠲᠡ ᠶᠢ ᠲᠤᠰᠬᠤ ᠳᠤ᠂ ᠲᠠᠷᠢᠶᠠᠨ ᠭᠠᠵᠠᠷ ᠲᠤ ᠨᠢ ᠨᠢᠭᠡᠨ ᠲᠣᠭᠤᠷᠤᠤ ᠰᠢᠭ᠋ ᠬᠡᠭᠡᠷ᠎ᠡ ᠶᠢᠨ ᠠᠮᠢᠲᠠᠨ ᠬᠥᠳᠡᠯᠵᠦ ᠳᠡᠶᠢᠯᠬᠦ ᠥᠬᠡᠶ  ᠪᠣᠯᠤᠭᠰᠠᠨ ᠳᠤ᠂ ᠬᠠᠪᠰᠤᠷᠤᠯᠭ᠎ᠠ ᠦᠵᠡᠭᠦᠯᠬᠦ ᠶᠢ ᠬᠦᠰᠡᠭᠰᠡᠨ ᠤᠳᠠᠰᠤ ᠪᠠᠶᠢᠪᠠ᠃ ᠬᠡᠷᠡᠭ ᠤᠨ ᠮᠡᠳᠡᠭᠦᠯᠦᠯᠲᠡ ᠶᠢ ᠶᠢ ᠣᠯᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ ᠬᠦᠷᠴᠦ᠂ ᠡᠨᠡ ᠬᠦ ᠬᠡᠭᠡᠷ᠎ᠡ ᠶᠢᠨ ᠠᠮᠢᠲᠠᠨ ᠪᠣᠯ ᠮᠠᠨ ᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠳᠣᠷᠣᠨᠠᠳᠠᠬᠢᠨ ᠤ ᠴᠠᠭᠠᠨ ᠥᠷᠪᠢᠯᠳᠡᠶ ᠮᠥᠨ ᠭᠡᠳᠡᠭ ᠢ ᠨᠤᠲᠠᠯᠠᠪᠠ᠃      ᠪᠠᠶᠢᠴᠠᠭᠠᠭᠰᠠᠨ ᠢᠶᠠᠷ᠂ ᠡᠨᠡ ᠴᠠᠭᠠᠨ ᠥᠷᠪᠢᠯᠳᠡᠶ ᠬᠡᠳᠦ᠋ᠢᠪᠡᠷ ᠭᠠᠳᠠᠷ ᠰᠢᠷᠬ᠎ᠠ ᠦᠭᠡᠶ ᠪᠣᠯᠪᠠᠴᠤ ᠤᠨᠵᠢᠢᠵᠤ ᠯᠠᠪᠲᠠᠶᠢᠭᠠᠳ ᠲᠠᠮᠢᠷ ᠲᠡᠩᠭᠡᠭᠡ ᠮᠠᠭᠤᠳᠠᠭᠰᠠᠨ ᠲᠤᠯᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠲᠠᠢ ᠬᠠᠷᠢᠯᠴᠠᠵᠤ ᠤᠯᠠᠮ ᠨᠢᠭᠡ ᠠᠯᠬᠤᠮ ᠤᠨ ᠠᠪᠤᠷᠠᠨ ᠲᠤᠰᠠᠯᠠᠯᠲᠠ ᠬᠢᠪᠡ᠃ 
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ